ᠦᠨᠤᠳᠤᠷ᠎ᠤᠨ ᠬᠢᠶ᠎ᠡ ᠪᠠᠭᠰᠢ ᠲᠤᠭᠤᠷᠢᠭ
ᠬᠢᠶ᠎ᠠ ᠪᠠᠭᠰᠢ ᠲᠤᠭᠤᠷᠢᠭ᠎ᠨᠢ ᠤᠷᠳᠤᠰ ᠬᠤᠳᠠ ᠵᠢᠨ ᠲᠤᠮᠳᠠ ᠡᠮᠥᠨᠡᠲᠤ ᠬᠡᠰᠡᠭ᠎ᠲᠤ ᠪᠠᠶ᠋ᠢᠷᠢᠯᠠᠵᠤ ᠂ ᠳ᠋ᠦᠩᠱᠸᠩ ᠲᠤᠭᠤᠷᠢᠭ᠂ ᠡᠵᠡᠨ ᠬᠤᠷᠤᠭ᠎ᠠ ᠬᠤᠰᠢᠭᠤᠨ ᠎ᠤ ᠠᠯᠲᠠᠨᠰᠢᠷᠡᠭᠡ ᠪᠠᠯᠭ᠋ᠠᠰᠤ᠎ᠲᠠᠢ ᠬᠠᠮᠲᠤ ᠮᠠᠨ᠎ᠤ ᠬᠤᠲᠠ ᠵᠢᠨ ᠭᠣᠣᠯ ᠲᠤᠭᠤᠷᠢᠭ᠎ᠢ ᠪᠦᠷᠢᠯᠳᠦᠭᠦᠯᠵᠠᠢ᠃ ᠬᠢᠶ᠎ᠠ ᠪᠠᠭᠰᠢ᠎ᠨᠢ ᠤᠤᠯ ᠎ᠳᠠᠭᠠᠨ ᠴᠢᠩ ᠴᠦᠨ ᠱᠠᠨ ᠠᠵᠤ ᠠᠬᠤᠢ ᠮᠡᠷᠭᠡᠵᠢᠯ᠎ᠤᠨ ᠨᠡᠭᠡᠭᠡᠯᠳᠠ ᠵᠢᠨ ᠤᠷᠤᠨ ᠪᠠᠶ᠋ᠢᠪᠠ᠃ 2004 ᠤᠨ᠎ᠳᠤ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠵᠢᠩᠬᠢᠨᠢ᠎ᠪᠠᠷ ᠵᠥᠪᠰᠢᠶᠡᠷᠡᠵᠤ᠂ ᠨᠠᠷ᠎ᠠ ᠵᠢ ᠎ᠨᠢ ᠥᠭᠡᠷᠡᠴᠢᠯᠡᠨ ᠬᠢᠶ᠎ᠠ ᠪᠠᠭᠰᠢ ᠰᠢᠨ᠎ᠠ ᠳᠤᠭᠤᠷᠢᠭ ᠭᠡᠵᠦ ᠡᠬᠢᠯᠡᠭᠦᠯᠦᠨ ᠪᠦᠲᠦᠭᠡᠨ ᠪᠠᠢ᠌ᠭᠤᠯᠵᠤ ᠂2006 ᠣᠨ᠎ᠳᠤ ᠬᠤᠲᠠ ᠵᠢᠨ ᠵᠠᠰᠠᠭ᠎ᠤᠨ ᠤᠷᠳᠤᠨ ᠰᠢᠯᠵᠢᠨ ᠢᠷᠡᠪᠡ ᠂2016 ᠤᠨ᠎ᠤ 6 ᠰᠠᠷ᠎ᠠ ᠵᠢᠨ 8᠎ᠤ ᠡᠳᠥᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠤᠬᠤᠯᠠᠪᠤᠷᠢ᠎ᠪᠠᠷ ᠰᠢᠶᠠᠨ᠎ᠤ ᠳᠡᠰ᠎ᠤᠨ ᠵᠠᠰᠠᠭ ᠵᠠᠬᠢᠷᠭ᠋ᠠᠨ᠎ᠤ ᠲᠤᠭᠤᠷᠢᠭ᠎ᠢ ᠪᠠᠶ᠋ᠢᠭᠤᠯᠵᠤ᠂ 2017 ᠤᠨ᠎ᠳᠤ ᠲᠤᠭᠤᠷᠢᠭ᠎ᠤᠨ ᠨᠠᠮ᠎ᠤᠨ ᠬᠣᠷᠢᠶ᠎ᠠ᠂ ᠠᠷᠠᠳ᠎ᠤᠨ ᠲᠦᠯᠤᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠠᠷᠠᠳ᠎ᠤᠨ ᠵᠠᠰᠠᠭ᠎ᠤᠨ ᠤᠷᠳᠤᠨ᠂ ᠤᠯᠤᠰ ᠲᠦᠷᠤ ᠵᠢᠨ ᠵᠦᠪᠯᠡᠯᠭᠡᠨ ᠵᠢᠩᠬᠢᠨᠢ᠎ᠪᠠᠷ ᠫᠠᠶ᠋ᠢᠰᠠ ᠡᠯᠭᠦᠨ ᠪᠠᠶ᠋ᠢᠭᠤᠯᠤᠭᠳᠠᠪᠠ ᠃ ᠮᠠᠨ᠎ᠤ ᠲᠤᠭᠤᠷᠢᠭ ᠪᠥᠬᠦ ᠳᠠᠯᠠᠪᠠᠢ 372.55 ᠳᠡᠭᠰᠢ ᠳᠥᠷᠪᠡᠯᠵᠢᠨ ᠺᠢᠯᠤᠮᠸᠲᠷ ᠪᠠᠶ᠋ᠢᠵᠤ᠂ ᠪᠥᠳᠥᠭᠡᠨ ᠪᠠᠶ᠋ᠢᠭᠤᠯᠤᠭᠰᠠᠨ ᠤᠷᠤᠨ᠎ᠤ ᠳᠠᠯᠠᠪᠠᠢ 38.42 ᠳᠡᠭᠰᠢ ᠳᠥᠷᠪᠡᠯᠵᠢᠨ ᠺᠢᠯᠤᠮᠸᠲᠷ ᠪᠠᠶ᠋ᠢᠵᠤ ᠂ ᠨᠢᠭᠡ ᠬᠦᠷᠢᠶᠡᠯᠡᠩ (ᠬᠤᠲᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ)᠂ 4 ᠵᠡᠭᠡᠯᠢ ᠭᠤᠳᠤᠮᠵᠢ ᠵᠢᠨ ᠬᠡᠷᠡᠭ ᠡᠷᠬᠢᠯᠡᠭᠦ ᠭᠠᠵᠠᠷ᠂ 15 ᠨᠡᠶ᠋ᠢᠬᠡᠮ ᠳᠤᠭᠤᠷᠢᠭ ᠪᠠᠢ᠌ᠵᠤ᠂ 15.3 ᠳᠥᠮᠡᠨ ᠬᠥᠮᠥᠨ ᠠᠮᠠ᠎ᠲᠠᠢ᠃
ᠬᠢᠶ᠎ᠠ ᠪᠠᠭᠰᠢ ᠵᠡᠭᠡᠯᠢ ᠭᠤᠳᠤᠮᠵᠢ ᠵᠢᠨ ᠬᠠᠷᠢᠶᠠᠳᠦ ᠣᠷᠣᠨ᠎ᠤ ᠶᠡᠷᠦᠩᠬᠡᠢ ᠲᠠᠯᠠᠪᠠᠢ᠎ᠨᠢ 185.27 ᠲᠡᠭᠰᠢ ᠳᠥᠷᠪᠡᠯᠵᠢᠨ ᠺᠢᠯᠤᠮᠸᠲᠷ᠂ ᠬᠠᠷᠢᠶᠠᠨ᠎ᠳᠤ ᠰᠢᠨ ᠪᠧᠢ ᠨᠡᠶ᠋ᠢᠭᠡᠮ ᠲᠣᠭᠣᠷᠢᠭ᠂ ᠳᠠᠷᠬᠠᠨ ᠨᠡᠶ᠋ᠢᠭᠡᠮ ᠲᠣᠭᠣᠷᠢᠭ᠂ ᠬᠢᠶ᠎ᠠ ᠪᠠᠭᠰᠢ ᠨᠡᠶ᠋ᠢᠭᠡᠮ ᠲᠣᠭᠣᠷᠢᠭ ᠵᠡᠷᠭᠡ ᠭᠤᠷᠪᠠᠨ ᠨᠡᠶ᠋ᠢᠭᠡᠮ ᠲᠣᠭᠣᠷᠢᠭ᠎ᠲᠠᠢ᠂ ᠬᠢᠶ᠎ᠠ ᠪᠠᠭᠰᠢ ᠵᠡᠭᠡᠯᠢ ᠭᠤᠳᠤᠮᠵᠢ 10 ᠰᠠᠭᠤᠭ᠋ᠠᠯᠢ ᠠᠷᠠᠳ᠎ᠤᠨ ᠲᠣᠭᠣᠷᠢᠭ᠎ᠲᠤ ᠦᠢ᠍ᠯᠡᠴᠢᠯᠡᠨ ᠬᠠᠮᠢᠶᠠᠷᠴᠤ᠂ ᠬᠠᠷᠢᠶ᠎ᠠ ᠲᠣᠭᠣᠷᠢᠭ᠎ᠤᠨ ᠪᠠᠶ᠋ᠢᠩᠭᠤ ᠰᠠᠭᠤᠭ᠎ᠠ ᠬᠥᠮᠦᠨ ᠠᠮᠠ 11575 ᠬᠥᠮᠦᠨ᠂ ᠨᠡᠭᠦᠳᠡᠯ ᠬᠥᠮᠦᠨ ᠠᠮᠠ ᠪᠠᠷᠤᠭ 5000 ᠬᠥᠮᠦᠨ᠂ ᠦᠢ᠍ᠯᠡᠴᠢᠯᠡᠵᠦ ᠪᠠᠢ᠌ᠭ᠎ᠠ ᠶᠡᠷᠦᠩᠬᠡᠢ ᠬᠥᠮᠦᠨ ᠠᠮᠠ ᠪᠠᠷᠤᠭ 1.7 ᠲᠦᠮᠡᠨ ᠬᠥᠮᠦᠨ ᠪᠤᠢ᠃ ᠭᠠᠵᠠᠷ ᠰᠢᠷᠣᠶ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ ᠪᠠ ᠠᠮᠢ ᠠᠬᠤᠶ ᠵᠢᠨ ᠨᠡᠭᠦᠳᠡᠯᠯᠡᠬᠦ ᠠᠵᠢᠯ᠎ᠢ ᠬᠡᠷᠡᠭᠵᠢᠭᠦᠯᠬᠦ᠎ᠪᠠᠷ ᠳᠠᠮᠵᠢᠨ᠂ ᠤᠢ᠍ᠢ᠍ᠷ᠎ᠠ ᠵᠢᠨ ᠵᠢᠯ᠎ᠤᠳ᠎ᠲᠤ᠂ ᠬᠥᠳᠡᠭᠡ ᠲᠣᠰᠬᠣᠨ᠎ᠤ ᠬᠥᠮᠦᠨ ᠠᠮᠠ ᠵᠢ ᠨᠡᠢ᠍ᠢ᠍ᠳᠡ 3653 ᠡᠷᠦᠬᠡ 8013 ᠬᠦᠮᠦᠨ ᠰᠢᠯᠵᠢᠭᠦᠯᠵᠦ᠂ ᠡᠭᠦᠨ᠎ᠤ ᠳᠣᠲᠣᠷ᠎ᠠ ᠭᠠᠵᠠᠷ ᠰᠢᠷᠣᠶ ᠳᠠᠳᠠᠪᠤᠷᠢᠯᠠᠭᠰᠠᠨ ᠨᠡᠭᠦᠳᠡᠯᠴᠢᠨ 2047 ᠡᠷᠦᠬᠡ 4320 ᠬᠥᠮᠦᠨ᠂ ᠠᠮᠢ ᠠᠬᠤᠶ ᠵᠢᠨ ᠨᠡᠭᠦᠳᠡᠯᠴᠢᠨ 1606 ᠡᠷᠦᠬᠡ 3693 ᠬᠥᠮᠦᠨ᠂ ᠪᠦᠬᠦ ᠡᠷᠦᠬᠡ ᠠᠮᠠ ᠵᠢᠨ ᠬᠠᠷᠢᠶ᠎ᠠ᠎ᠲᠠᠢ ᠬᠥᠮᠦᠨ ᠠᠮᠠ ᠵᠢᠨ 98 % ᠵᠢ ᠡᠵᠡᠯᠡᠨ᠎ᠡ᠃ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠤᠷᠢᠶ᠎ᠠ 12 ᠨᠠᠮ᠎ᠤᠨ ᠵᠣᠬᠢᠶᠠᠨ ᠪᠠᠶ᠋ᠢᠭᠤᠯᠤᠯᠲᠠ᠎ᠲᠠᠢ᠂ ᠰᠢᠭᠤᠳ ᠬᠠᠮᠢᠶᠠᠷᠬᠤ ᠨᠠᠮ᠎ᠤᠨ ᠭᠡᠰᠢᠭᠦᠨ ᠨᠡᠢ᠍ᠢ᠍ᠳᠡ 246 ᠬᠥᠮᠦᠨ ᠪᠤᠢ᠃ ᠬᠢᠶ᠎ᠠ ᠪᠠᠭᠰᠢ ᠵᠡᠭᠡᠯᠢ ᠭᠤᠳᠤᠮᠵᠢ᠎ᠨᠢ ᠬᠢᠶ᠎ᠠ ᠪᠠᠭᠰᠢ ᠲᠣᠭᠣᠷᠢᠭ᠎ᠤᠨ ᠲᠣᠮᠢᠯᠠᠭᠰᠠᠨ ᠪᠠᠶ᠋ᠢᠭᠤᠯᠭ᠎ᠠ ᠪᠣᠯᠤᠭᠰᠠᠨ᠎ᠤ ᠬᠤᠪᠢ᠎ᠳᠤ᠂ ᠭᠣᠣᠯ ᠲᠤᠰᠢᠶᠠᠯ ᠬᠠᠷᠢᠭᠤᠴᠠᠯᠭ᠎ᠠ ᠪᠣᠯ᠄ ᠲᠣᠭᠣᠷᠢᠭ᠎ᠤᠨ ᠨᠠᠮ᠎ᠤᠨ ᠬᠣᠷᠢᠶᠠᠨ᠎ᠤ ᠡᠷᠬᠡ ᠣᠯᠭᠣᠯᠲᠠ ᠵᠢ ᠦᠨᠳᠦᠰᠦᠯᠡᠨ᠂ ᠵᠡᠭᠡᠯᠢ ᠭᠤᠳᠤᠮᠵᠢ ᠵᠢᠨ ᠬᠠᠷᠢᠶᠠᠨ᠎ᠤ ᠤᠯᠤᠰ ᠲᠦᠷᠦ᠂ ᠠᠵᠤ ᠠᠬᠤᠶ᠂ ᠰᠣᠶᠣᠯ᠂ ᠨᠡᠶ᠋ᠢᠭᠡᠮ᠂ ᠠᠮᠢ ᠠᠬᠤᠶ ᠵᠢᠨ ᠪᠣᠯᠪᠠᠰᠤᠨ ᠪᠠ ᠨᠠᠮ᠎ᠤᠨ ᠪᠠᠶ᠋ᠢᠭᠤᠯᠤᠯᠲᠠ ᠵᠡᠷᠭᠡ ᠠᠵᠢᠯ᠎ᠢ ᠬᠠᠷᠢᠭᠤᠴᠠᠨ᠎ᠠ᠃ ᠬᠠᠤᠯᠢ ᠲᠣᠭᠲᠠᠭ᠋ᠠᠯ᠎ᠢ ᠦᠨᠳᠦᠰᠦᠯᠡᠨ᠂ ᠵᠣᠬᠢᠴᠠᠩᠭᠤᠶ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠶ᠋ᠠᠨ ᠬᠦᠢ᠍ᠴᠡᠳᠭᠡᠵᠦ᠂ ᠣᠳᠣ ᠵᠡᠭᠡᠯᠢ ᠭᠤᠳᠤᠮᠵᠢ᠎ᠳᠤ ᠨᠡᠶ᠋ᠢᠲᠡ 70 ᠺᠠᠳ᠋ᠷ ᠠᠵᠢᠯᠲᠠᠨ ᠠᠵᠢᠯᠴᠢᠨ᠎ᠲᠠᠢ᠃ ᠬᠢᠶ᠎ᠠ ᠪᠠᠭᠰᠢ ᠵᠡᠭᠡᠯᠢ ᠭᠤᠳᠤᠮᠵᠢ ᠵᠢᠨ ᠬᠠᠷᠢᠶᠠᠳᠦ ᠣᠷᠣᠨ ᠵᠡᠭᠦᠨᠰᠢ᠎ᠪᠠᠨ ᠠᠪᠠᠬᠠᠢ ᠴᠠᠢ᠌ᠳᠠᠮ᠎ᠳᠤ ᠬᠦᠷᠴᠦ ᠺᠠᠩ ᠰᠢᠨ ᠵᠡᠭᠡᠯᠢ ᠭᠤᠳᠤᠮᠵᠢ᠎ᠲᠠᠢ ᠵᠠᠬ᠎ᠠ ᠨᠡᠶ᠋ᠢᠯᠡᠵᠦ᠂ ᠪᠠᠷᠠᠭᠤᠨᠰᠢ᠎ᠪᠠᠨ ᠡᠵᠡᠨ ᠬᠤᠷᠤᠭ᠎ᠠ ᠬᠣᠰᠢᠭᠤᠨ᠎ᠤ ᠰᠤᠪᠤᠷᠭ᠎ᠠ ᠪᠠᠯᠭ᠋ᠠᠰᠤᠨ᠎ᠤ ᠴᠢᠤᠸᠠᠨ ᠱᠧᠩ ᠵᠢᠦ ᠲᠣᠰᠬᠣᠨ᠎ᠲᠠᠢ ᠵᠠᠯᠭ᠋ᠠᠯᠳᠤᠵᠤ᠂ ᠡᠮᠦᠨᠡᠰᠢ᠎ᠪᠠᠨ ᠬᠢᠶ᠎ᠠ ᠪᠠᠭᠰᠢ ᠲᠣᠭᠣᠷᠢᠭ᠎ᠤᠨ ᠶᠡᠬᠡ ᠵᠤᠤ ᠵᠡᠭᠡᠯᠢ᠎ᠳᠤ ᠬᠦᠷᠴᠦ᠂ ᠤᠮᠠᠷᠠᠰᠢ᠎ᠪᠠᠨ ᠳ᠋ᠦᠩᠱ᠌ᠧᠩ ᠲᠣᠭᠣᠷᠢᠭ᠎ᠤᠨ ᠬᠠᠨᠳᠠᠢ ᠪᠠᠯᠭ᠋ᠠᠰᠤᠨ᠎ᠤ ᠲᠤᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠲᠠᠢ ᠵᠠᠬ᠎ᠠ ᠨᠡᠶ᠋ᠢᠯᠡᠵᠦ ᠪᠠᠶ᠋ᠢᠨ᠎ᠠ᠃ 210 ᠤᠯᠤᠰ᠎ᠤᠨ ᠵᠠᠮ᠂ ᠳ᠋ᠦᠩ ᠺᠠᠩ ᠲᠦᠷᠭᠡᠨ ᠵᠠᠮ ᠡᠮᠦᠨᠡᠰᠢ ᠤᠮᠠᠷᠠᠰᠢ ᠭᠤᠯᠳᠤ᠎ᠪᠠᠷ ᠨᠡᠪᠳᠡᠷᠡᠨ᠂ ᠷᠦᠩ ᠡᠦ ᠳᠡᠭᠡᠳᠦ ᠬᠤᠷᠳᠤᠨ ᠳᠡᠷᠭᠡᠨ᠎ᠤ ᠵᠠᠮ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠵᠦ᠂ ᠣᠷᠳᠣᠰ᠎ᠤᠨ ᠨᠢᠰᠬᠡᠯ᠎ᠤᠨ ᠪᠠᠭᠤᠳᠠᠯ᠎ᠲᠠᠢ ᠭᠣᠤᠯ ᠠᠯᠤᠰᠯᠠᠨ ᠨᠢᠭᠤᠷᠯᠠᠵᠤ᠂ ᠵᠠᠮ ᠬᠠᠷᠢᠯᠴᠠᠭ᠎ᠠ ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠵᠦ᠂ ᠳᠠᠪᠠᠭᠤᠯᠢᠭ ᠭᠠᠵᠠᠷ ᠵᠦᠶ ᠵᠢᠨ ᠪᠠᠶ᠋ᠢᠷᠢᠯᠠᠯ᠎ᠲᠠᠢ ᠃ ᠬᠢᠶ᠎ᠠ ᠪᠠᠭᠰᠢ ᠵᠡᠭᠡᠯᠢ ᠭᠤᠳᠤᠮᠵᠢ ᠵᠢᠨ ᠬᠠᠷᠢᠶᠠᠳᠦ ᠣᠷᠣᠨ᠎ᠳᠤ 1 ᠬᠦᠷᠢᠶᠡᠯᠡᠩ (ᠺᠠᠩ ᠪᠸᠢ ᠦᠢ᠍ᠯᠡᠰ ᠴᠣᠭᠴᠠᠯᠠᠬᠤ ᠬᠦᠷᠢᠶᠡᠯᠡᠩ)᠂ 241 ᠠᠵᠤ ᠠᠬᠤᠶ᠋ᠢᠯᠠᠯ᠂ 167 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ 6 ᠰᠤᠷᠭ᠋ᠠᠭᠤᠯᠢ᠂ 23 ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠨᠢᠭᠡᠴᠢ᠂ 2 ᠪᠠᠩᠬᠢ ᠪᠣᠶ᠃ ᠬᠣᠲᠠ ᠵᠢᠨ ᠣᠷᠣᠯᠠᠨ ᠪᠠᠶ᠋ᠢᠭᠤᠯᠬᠤ ᠲᠥᠪ᠂ ᠣᠷᠳᠣᠰ᠎ᠤᠨ ᠬᠢᠯᠢ ᠵᠢᠨ ᠪᠣᠭᠣᠮᠲᠠ᠂ ᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠤᠷ᠂ ᠲᠣᠭᠣᠷᠢᠭ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠂ ᠲᠣᠭᠣᠷᠢᠭ᠎ᠤᠨ ᠠᠷᠠᠳ᠎ᠤᠨ ᠰᠢᠭᠦᠬᠦ ᠬᠣᠷᠢᠶ᠎ᠠ᠂ ᠲᠣᠭᠣᠷᠢᠭ᠎ᠤᠨ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠲᠣᠭᠣᠷᠢᠭ᠎ᠤᠨ ᠨᠠᠮ᠎ᠤᠨ ᠬᠤᠷᠢᠶᠠᠨ᠎ᠤ ᠴᠠᠭᠳᠠᠨ ᠪᠠᠶ᠋ᠢᠴᠠᠭ᠋ᠠᠬᠤ ᠠᠯᠪᠠᠨ ᠬᠡᠷ᠂ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ ᠪᠠ ᠤᠰᠤᠨ ᠠᠰᠢᠭᠯᠠᠯᠲᠠ ᠵᠢᠨ ᠲᠣᠪᠴᠢᠶ᠎ᠠ᠂ ᠲᠣᠭᠣᠷᠢᠭ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ᠂ ᠲᠡᠭᠡᠭᠡᠪᠦᠷᠢ ᠵᠢᠨ ᠬᠠᠮᠢᠶᠠᠷᠤᠯᠲᠠ ᠵᠢᠨ ᠬᠢᠶ᠎ᠠ ᠪᠠᠭᠰᠢ ᠬᠤᠪᠢᠶᠠᠷᠢ ᠲᠣᠪᠴᠢᠶ᠎ᠠ ᠵᠡᠷᠭᠡ ᠨᠢᠭᠡᠴᠢ ᠪᠤᠢ᠃ ᠬᠠᠷᠢᠶᠠᠲᠤ ᠣᠷᠣᠨ᠎ᠳᠤ ᠺᠠᠩ ᠵᠧᠨ ᠪᠠᠯᠭ᠋ᠠᠰᠤ᠂ ᠶᠡᠬᠡ ᠣᠪᠣᠭ᠎ᠠ᠂ ᠴᠢᠩ ᠴᠦᠨ ᠱᠠᠨ ᠠᠭᠤᠯᠠ᠂ ᠯᠧᠢ ᠵᠢᠶᠠ ᠫᠥᠸᠧ ᠣᠰᠣᠷᠬᠠᠭ ᠭᠠᠵᠠᠷ ᠵᠡᠷᠭᠡ ᠣᠯᠠᠨ ᠰᠣᠶᠣᠯ ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠶ᠃
ᠺᠠᠩ ᠰᠢᠨ ᠵᠡᠭᠡᠯᠢ ᠭᠤᠳᠤᠮᠵᠢ᠎ᠨᠢ ᠬᠢᠶ᠎ᠠ ᠪᠠᠭᠰᠢ ᠲᠣᠭᠣᠷᠢᠭ᠎ᠤᠨ ᠵᠡᠭᠦᠨ ᠪᠡᠶ᠎ᠡ᠎ᠳᠤ ᠪᠠᠶ᠋ᠢᠷᠢᠯᠠᠵᠤ᠂ ᠵᠡᠭᠦᠨᠰᠢ᠎ᠪᠠᠨ ᠡᠵᠡᠨ ᠬᠣᠷᠣᠭ᠎ᠠ ᠬᠣᠰᠢᠭᠤᠨ᠎ᠤ ᠨᠠᠷᠢᠨᠳᠤᠬᠤᠢ ᠪᠠᠯᠭ᠋ᠠᠰᠤ᠎ᠲᠠᠢ ᠵᠠᠯᠭ᠋ᠠᠯᠳᠣᠨ᠂ ᠡᠮᠤᠨᠡᠰᠢ᠎ᠪᠠᠨ ᠡᠵᠡᠨ ᠬᠣᠷᠣᠭ᠎ᠠ ᠬᠣᠰᠢᠭᠤᠨ᠎ᠤ ᠤᠯᠠᠭ᠋ᠠᠨᠮᠦ᠋ᠷᠡᠨ ᠪᠠᠯᠭ᠋ᠠᠰᠤ᠎ᠲᠠᠢ ᠵᠠᠬ᠎ᠠ ᠨᠡᠶ᠋ᠢᠯᠡᠵᠦ᠂ ᠪᠠᠷᠠᠭᠤᠨᠰᠢ ᠎ᠪᠠᠨ ᠬᠢᠶ᠎ᠠ ᠪᠠᠭᠰᠢ ᠵᠡᠭᠡᠯᠢ ᠭᠤᠳᠤᠮᠵᠢ᠎ᠲᠠᠢ ᠬᠦᠷᠰᠢᠯᠡᠨ᠂ ᠣᠮᠠᠷᠠᠰᠢ᠎ᠪᠠᠨ ᠳ᠋ᠦᠩᠱ᠌ᠧᠩ ᠲᠣᠭᠣᠷᠢᠭ᠎ᠤᠨ ᠬᠠᠨᠲᠠᠶ ᠪᠠᠯᠭ᠋ᠠᠰᠤ᠎ᠲᠠᠢ ᠬᠥᠷᠰᠢᠯᠡᠵᠦ ᠪᠠᠶ᠋ᠢᠨ᠎ᠠ᠃ 2016 ᠣᠨ᠎ᠳᠤ ᠬᠢᠶ᠎ᠠ ᠪᠠᠭᠰᠢ ᠵᠡᠭᠡᠯᠢ ᠭᠤᠳᠤᠮᠵᠢ᠎ᠠᠴᠠ ᠬᠡᠰᠡᠭ ᠣᠷᠣᠨ ᠨᠣᠳᠣᠭ᠎ᠢ ᠬᠤᠪᠢᠶᠠᠷᠢᠯᠠᠨ ᠭᠠᠷᠭ᠋ᠠᠵᠤ᠂ ᠺᠠᠩ ᠰᠢᠨ ᠵᠡᠭᠡᠯᠢ ᠭᠤᠳᠤᠮᠵᠢ ᠵᠢ ᠵᠢᠩᠬᠢᠨᠢ᠎ᠪᠠᠷ ᠪᠠᠶ᠋ᠢᠭᠤᠯᠬᠤ᠎ᠪᠠᠷ ᠵᠥᠪᠰᠢᠶᠡᠷᠡᠪᠠ᠃ 155.99 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ᠎ᠲᠠᠢ᠂ 2.3 ᠲᠦᠮᠡ ᠭᠠᠷᠤᠶ ᠬᠥᠮᠦᠨ ᠠᠮᠠ᠎ᠳᠤ ᠦᠢ᠍ᠯᠡᠴᠢᠯᠡᠵᠦ ᠪᠠᠶ᠋ᠢᠨ᠎ᠠ᠃ ᠶᠤᠸᠠᠢ ᠾᠧ ᠨᠡᠶ᠋ᠢᠭᠡᠮ ᠲᠣᠭᠣᠷᠢᠭ᠂ ᠭᠡᠳᠡᠷᠭᠡ ᠨᠡᠶ᠋ᠢᠭᠡᠮ ᠲᠣᠭᠣᠷᠢᠭ 2 ᠨᠡᠶ᠋ᠢᠭᠡᠮ ᠲᠣᠭᠣᠷᠢᠭ᠎ᠢ ᠬᠠᠷᠢᠶᠠᠯᠠᠪᠠ᠃ ᠶᠤᠸᠠᠢ ᠾᠧ ᠨᠡᠶ᠋ᠢᠭᠡᠮ ᠲᠣᠭᠣᠷᠢᠭ 2018 ᠣᠨ᠎ᠳᠤ ᠪᠠᠶ᠋ᠢᠭᠤᠯᠤᠭᠳᠠᠵᠤ᠂ 《 ᠠᠢ᠌ᠯ ᠠᠢ᠌ᠮᠠᠭ ᠵᠶ᠋ᠠᠷ ᠵᠶ᠋ᠠᠨ ᠡᠶ᠎ᠡ ᠨᠠᠶ᠋ᠢᠷᠲᠠᠢ ᠶᠠᠪᠤᠯᠴᠠᠵᠤ᠂ ᠠᠮᠢᠳᠤᠷᠠᠯ ᠪᠠᠶᠠᠷ ᠴᠡᠩᠬᠡᠯ ᠵᠶ᠋ᠠᠷ ᠪᠢᠯᠬᠠᠨ᠎ᠠ》 ᠭᠡᠬᠦ ᠤᠳᠬ᠎ᠠ᠎ᠪᠠᠷ ᠨᠡᠷᠡᠶ᠋ᠢᠳᠴᠡᠢ᠃ ᠭᠡᠳᠡᠷᠭᠡ ᠨᠡᠶ᠋ᠢᠭᠡᠮ ᠲᠣᠭᠣᠷᠢᠭ 2018 ᠣᠨ᠎ᠤ 4 ᠰᠠᠷ᠎ᠠ᠎ᠳᠤ ᠪᠠᠢ᠌ᠭᠤᠯᠤᠭᠳᠠᠪᠠ᠃ 《ᠭᠡᠳᠡᠷᠭᠡ》 ᠪᠣᠯ ᠮᠣᠩᠭᠣᠯ ᠬᠡᠯᠡ᠂ ᠠᠷᠤᠭᠰᠢ (ᠬᠤᠢ᠌ᠰᠢ)᠎ᠪᠠᠨ ᠰᠤᠨᠤᠭᠰᠠᠨ ᠬᠥᠲᠥᠯ ᠬᠡᠰᠡᠨ ᠤᠳᠬ᠎ᠠ᠎ᠲᠠᠢ᠂ ᠡᠮᠦᠨ᠎ᠡ ᠪᠡᠶ᠎ᠡ᠎ᠪᠠᠷ ᠵᠶ᠋ᠠᠨ ᠥᠨᠳᠥᠷ ᠬᠤᠢ᠌ᠳᠤ ᠪᠡᠶ᠎ᠡ᠎ᠪᠠᠷ ᠵᠶ᠋ᠠᠨ ᠳᠣᠤᠷ᠎ᠠ ᠪᠠᠶ᠋ᠢᠳᠠᠭ ᠰᠡᠭᠦᠳᠡᠷ᠎ᠲᠠᠢ ᠬᠥᠲᠥᠯ᠎ᠤᠨ ᠭᠠᠵᠠᠷ᠎ᠤᠨ ᠪᠠᠶ᠋ᠢᠴᠠ᠎ᠠᠴᠠ ᠢᠩᠭᠢᠵᠦ ᠨᠡᠷᠡᠯᠡᠭᠳᠡᠭᠰᠡᠨ ᠶᠤᠮ᠃ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠣᠷᠳᠣᠰ ᠬᠣᠲᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠰᠢᠨᠵᠢᠯᠡᠭᠡ ᠮᠡᠷᠭᠡᠵᠢᠯ ᠵᠡᠭᠡᠯᠢ ᠵᠢᠨ L1-1 ᠳ᠋ᠦ᠍ᠭᠡᠷ ᠨᠣᠮᠧᠷ᠎ᠲᠤ ᠰᠠᠭᠤᠷᠢᠰᠢᠵᠤ ᠪᠠᠢ᠌ᠨ᠎ᠠ᠃ ᠣᠷᠳᠣᠰ ᠤᠯᠤᠰ᠎ᠤᠨ ᠳᠡᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠨᠠᠮ᠎ᠤᠨ ᠠᠵᠢᠯᠯᠠᠬᠤ ᠬᠣᠷᠢᠶᠠᠨ᠎ᠤ ᠬᠠᠮᠢᠶᠠᠷᠤᠯᠲᠠ ᠵᠢᠨ ᠵᠥᠪᠯᠡᠯ᠂ ᠣᠷᠳᠣᠰ ᠬᠣᠲᠠ ᠵᠢᠨ ᠪᠠᠳᠤᠯᠭ᠋ᠠᠳᠤ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠲᠥᠪ᠂ ᠣᠷᠳᠣᠰ ᠬᠣᠲᠠ ᠵᠢᠨ ᠳᠡᠭᠡᠳᠦ ᠵᠡᠷᠭᠡ ᠵᠢᠨ ᠪᠠᠯᠠ ᠣᠷᠣᠭᠤᠯᠤᠯᠲᠠ ᠵᠢᠨ ᠬᠤᠯᠪᠤᠯᠴᠠᠯ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠵᠢᠩ ᠨᠧᠩ ᠬᠢᠶ᠎ᠠ ᠪᠠᠭᠰᠢ ᠵᠢᠨ ᠢᠯᠴᠢ ᠴᠠᠬᠢᠯᠭ᠋ᠠᠨ᠎ᠤ ᠬᠢᠵᠠᠭ᠋ᠠᠷᠲᠤ ᠺᠣᠮᠫᠠᠨᠢ᠂ ᠣᠷᠳᠣᠰ ᠬᠣᠲᠠ ᠵᠢᠨ᠎ᠲᠠᠢ ᠹᠠ ᠰᠢᠶᠠᠩ ᠠᠵᠤ ᠦᠢ᠍ᠯᠡᠳᠪᠦᠷᠢ ᠠᠷᠠᠯᠵᠢᠶ᠎ᠠ (ᠪᠦᠯᠦᠭᠯᠡᠯ) ᠵᠢᠨ ᠬᠢᠵᠠᠭ᠋ᠠᠷᠲᠤ ᠺᠣᠮᠫᠠᠨᠢ᠂ ᠣᠷᠳᠣᠰ ᠬᠣᠲᠠ ᠵᠢᠨ ᠣᠷᠴᠢᠨ ᠠᠬᠤᠢ ᠵᠢ ᠬᠠᠮᠠᠭ᠋ᠠᠯᠠᠬᠤ ᠪᠠᠯᠠ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠡᠷᠭᠡ ᠨᠢᠭᠡᠴᠢ ᠰᠠᠭᠤᠷᠢᠰᠢᠵᠤ ᠪᠤᠢ᠃
ᠴᠢᠩ ᠴᠦᠨ ᠱᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠤᠯ ᠤᠤᠯ᠎ᠤᠨ 2009 ᠣᠨ᠎ᠤ 7 ᠰᠠᠷ᠎ᠠ᠎ᠳᠤ ᠪᠠᠢ᠌ᠭᠤᠯᠤᠭᠰᠠᠨ ᠬᠢᠶ᠎ᠠ ᠪᠠᠭᠰᠢ ᠰᠢᠨ᠎ᠡ ᠲᠣᠭᠣᠷᠢᠭ᠎ᠤᠨ ᠬᠥᠭᠵᠢᠯᠲᠡ ᠵᠢᠨ ᠳᠣᠪᠴᠢᠶ᠎ᠠ᠎ᠠᠴᠠ ᠣᠷᠣᠯᠠᠨ ᠬᠠᠮᠢᠶᠠᠷᠴᠤ ᠪᠠᠶ᠋ᠢᠭᠰᠠᠨ ᠵᠦᠵᠢᠶᠠᠩ ᠨᠡᠶ᠋ᠢᠭᠡᠮ ᠲᠣᠭᠣᠷᠢᠭ ᠪᠤᠯᠤᠨ᠎ᠠ᠂ 2010 ᠣᠨ᠎ᠤ 4 ᠰᠠᠷ᠎ᠠ᠎ᠳᠤ ᠴᠢᠩ ᠴᠦᠨ ᠱᠠᠨ ᠵᠡᠭᠡᠯᠢ ᠭᠤᠳᠤᠮᠵᠢ ᠵᠢ ᠪᠡᠯᠡᠳᠬᠡᠨ ᠪᠠᠶ᠋ᠢᠭᠤᠯᠬᠤ ᠠᠯᠪᠠᠨ ᠭᠡᠷ᠎ᠢ ᠪᠠᠶ᠋ᠢᠭᠤᠯᠵᠤ᠂ 2011 ᠣᠨ᠎ᠤ 7 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠶ᠋ᠠᠷ ᠴᠢᠩ ᠴᠦᠨ ᠱᠠᠨ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ᠎ᠢ ᠵᠢᠩᠬᠢᠨᠢ᠎ᠪᠠᠷ ᠪᠠᠶ᠋ᠢᠭᠤᠯᠪᠠ᠃ ᠵᠡᠭᠡᠯᠢ ᠭᠤᠳᠤᠮᠵᠢ᠎ᠨᠢ ᠬᠢᠶ᠎ᠠ ᠪᠠᠭᠰᠢ ᠲᠣᠭᠣᠷᠢᠭ᠎ᠤᠨ ᠤᠷᠳᠤᠰ ᠶᠡᠬᠡ ᠵᠡᠭᠡᠯᠢ᠎ᠠᠴᠠ ᠤᠮᠠᠷᠠᠰᠢ᠂ ᠶᠡᠬᠡ ᠵᠤᠤ ᠵᠡᠭᠡᠯᠢ᠎ᠠᠴᠠ ᠡᠮᠦᠨᠡᠰᠢᠬᠢ ᠬᠠᠷᠢᠶᠠᠨ᠎ᠳᠤ ᠪᠠᠢ᠌ᠵᠤ᠂ ᠶᠡᠷᠦᠩᠬᠡᠢ ᠲᠠᠯᠠᠪᠠᠢ᠎ᠨᠢ 14.7205 ᠲᠡᠭᠰᠢ ᠳᠥᠷᠪᠡᠯᠵᠢᠨ ᠺᠢᠯᠤᠮᠸᠲᠷ᠂ ᠬᠤᠳᠠ ᠵᠢᠨ ᠲᠦᠪ ᠣᠷᠣᠨ᠎ᠤ ᠵᠡᠭᠡᠯᠢ ᠭᠤᠳᠤᠮᠵᠢ᠂ ᠬᠤᠳᠠ ᠵᠢᠨ ᠨᠠᠮ᠎ᠤᠨ ᠬᠤᠷᠢᠶ᠎ᠠ᠂ ᠬᠤᠳᠠ ᠵᠢᠨ ᠵᠠᠰᠠᠭ᠎ᠤᠨ ᠣᠷᠳᠣᠨ᠎ᠤ ᠪᠠᠶ᠋ᠢᠭ᠎ᠠ ᠭᠠᠵᠠᠷ ᠪᠣᠯᠤᠨ᠎ᠠ᠃ ᠵᠡᠭᠡᠯᠢ ᠭᠤᠳᠤᠮᠵᠢ ᠵᠢᠨ ᠬᠠᠷᠢᠶᠠᠨ᠎ᠳᠤ ᠶᠤᠸᠠᠨ ᠳᠢᠩ ᠨᠠᠢ᠌ᠬᠡᠮ ᠲᠤᠭᠤᠷᠢᠭ᠂ ᠵᠦ᠍ ᠵᠢᠶᠠᠩ ᠨᠠᠢ᠌ᠬᠡᠮ ᠲᠤᠭᠤᠷᠢᠭ᠂ ᠺᠠᠩ ᠱᠧᠩ ᠨᠠᠢ᠌ᠬᠡᠮ ᠲᠤᠭᠤᠷᠢᠭ᠂ ᠱᠧᠨ ᠬᠤᠸᠠ ᠺᠠᠩ ᠴᠧᠩ ᠨᠠᠢ᠌ᠬᠡᠮ ᠲᠤᠭᠤᠷᠢᠭ᠂ ᠰᠢᠤᠸᠠᠢ ᠶᠤᠸᠠᠨ ᠨᠠᠢ᠌ᠬᠡᠮ ᠲᠤᠭᠤᠷᠢᠭ᠂ ᠧᠨ ᠾᠧ ᠨᠠᠢ᠌ᠬᠡᠮ ᠲᠤᠭᠤᠷᠢᠭ ᠵᠡᠷᠭᠡ 6 ᠨᠡᠶ᠋ᠢᠭᠡᠮ ᠲᠣᠭᠣᠷᠢᠭ᠎ᠲᠠᠢ᠂ ᠨᠡᠶ᠋ᠢᠲᠡ 45 ᠰᠠᠭᠤᠭ᠋ᠠᠯᠢ ᠠᠷᠠᠳ᠎ᠤᠨ ᠲᠣᠭᠣᠷᠢᠭ᠂ ᠨᠡᠶ᠋ᠢᠲᠡ ᠵᠢᠨ ᠪᠠᠶ᠋ᠢᠷᠢ᠎ᠲᠠᠢ ᠪᠥᠭᠡᠳ ᠪᠦᠬᠦᠨ ᠵᠶ᠋ᠠᠷ ᠵᠶ᠋ᠠᠨ ᠣᠷᠣᠵᠤ ᠰᠠᠭᠤᠭᠰᠠᠨ ᠪᠠᠢ᠌ᠨ᠎ᠠ᠃ ᠶᠡᠷᠦᠩᠬᠡᠶ ᠡᠷᠦᠬᠡ ᠵᠢᠨ ᠲᠣᠭ᠎ᠠ᠎ᠨᠢ 22800 ᠡᠷᠦᠬᠡ ᠪᠠᠶ᠋ᠢᠵᠤ᠂ 19624 ᠡᠷᠦᠬᠡ ᠣᠷᠣᠵᠤ ᠰᠠᠭᠤᠵᠠᠶ᠂ ᠶᠡᠷᠦᠩᠬᠡᠶ ᠬᠥᠮᠦᠨ ᠠᠮᠠ᠎ᠨᠢ 64907 ᠬᠥᠮᠦᠨ ᠪᠠᠶ᠋ᠢᠵᠤ᠂ ᠶᠡᠷᠦᠩᠬᠡᠶ ᠬᠥᠮᠦᠨ ᠠᠮᠠ᠎ᠨᠢ ᠪᠥᠬᠥ ᠲᠤᠭᠤᠷᠢᠭ᠎ᠤᠨ ᠬᠥᠮᠦᠨ ᠠᠮᠠ ᠵᠢᠨ 57.6% ᠵᠢ ᠡᠵᠡᠯᠡᠨ᠎ᠡ᠂ ᠡᠭᠦᠨ᠎ᠳᠤ 22028 ᠬᠥᠮᠦᠨ ᠬᠢᠶ᠎ᠠ ᠪᠠᠭᠰᠢ ᠵᠢᠨ ᠡᠷᠦᠬᠡ ᠠᠮᠠ᠎ᠲᠠᠢ᠂ ᠴᠥᠭᠡᠨ ᠲᠣᠭ᠋ᠠᠲᠤ ᠦᠨᠳᠦᠰᠦᠲᠡᠨ 5367 ᠬᠥᠮᠦᠨ ᠪᠠᠶ᠋ᠢᠨ᠎ᠠ᠃ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠤᠷᠢᠶ᠎ᠠ ᠵᠢᠨ ᠬᠠᠷᠢᠶᠠᠨ᠎ᠳᠤ 12 ᠨᠠᠮ᠎ᠤᠨ ᠵᠣᠬᠢᠶᠠᠨ ᠪᠠᠶ᠋ᠢᠭᠤᠯᠤᠯᠲᠠ᠎ᠲᠠᠢ᠂ 1 ᠪᠠᠶ᠋ᠢᠭᠤᠯᠤᠯᠭ᠎ᠠ ᠵᠢᠨ ᠨᠠᠮ᠎ᠤᠨ ᠡᠭᠦᠷ᠂ 6 ᠨᠡᠶ᠋ᠢᠭᠡᠮ ᠲᠣᠭᠣᠷᠢᠭ᠎ᠤᠨ ᠨᠠᠮ᠎ᠤᠨ ᠡᠭᠦᠷ᠂ 5 ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠶ᠋ᠢᠯᠠᠯ᠎ᠤᠨ ᠨᠠᠮ᠎ᠤᠨ ᠡᠭᠦᠷ᠂ ᠲᠠᠩᠰᠠᠨ᠎ᠳᠤ ᠪᠠᠶ᠋ᠢᠭ᠎ᠠ ᠨᠠᠮ᠎ᠤᠨ ᠭᠡᠰᠢᠭᠦᠨ 301 ᠬᠥᠮᠦᠨ ᠪᠤᠢ᠃ ᠬᠠᠷᠢᠶᠠᠲᠤ ᠣᠷᠣᠨ᠎ᠳᠤ 2 ᠶᠡᠬᠡ ᠰᠤᠷᠭ᠋ᠠᠭᠤᠯᠢ᠂ 5 ᠳᠤᠮᠳᠠᠳᠤ ᠰᠤᠷᠭ᠋ᠠᠭᠤᠯᠢ᠂ 6 ᠪᠠᠭ᠎ᠠ ᠰᠤᠷᠭ᠋ᠠᠭᠤᠯᠢ᠂ 8 ᠬᠡᠤᠬᠡᠳ᠎ᠤᠨ ᠴᠡᠴᠡᠷᠯᠢᠭ᠂ 2 ᠬᠣᠲᠠ ᠵᠢᠨ ᠲᠠᠰ᠎ᠤᠨ ᠡᠮᠨᠡᠯᠭᠡ ᠵᠢᠨ ᠬᠣᠷᠢᠶ᠎ᠠ᠂ 3 ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠂ 2000 ᠭᠠᠷᠤᠶ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠣᠶ᠂ ᠴᠡᠷᠢᠭ᠎ᠤᠨ ᠬᠤᠪᠢᠶᠠᠷᠢ ᠲᠣᠭᠣᠷᠢᠭ᠂ ᠬᠣᠲᠠ ᠵᠢᠨ ᠨᠠᠮ᠎ᠤᠨ ᠬᠤᠷᠢᠶᠠᠨ᠎ᠤ ᠨᠠᠮ᠎ᠤᠨ ᠰᠤᠷᠭ᠋ᠠᠭᠤᠯᠢ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠣᠲᠠ ᠵᠢᠨ ᠤᠯᠤᠰ᠎ᠤᠨ ᠭᠠᠵᠠᠷ ᠰᠢᠷᠣᠶ ᠵᠢᠨ ᠲᠣᠪᠴᠢᠶ᠎ᠠ᠂ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠡᠷᠭᠡ ᠨᠢᠭᠡᠴᠢ ᠰᠠᠭᠤᠷᠢᠰᠢᠵᠤ᠂ ᠬᠢᠶ᠎ᠠ ᠪᠠᠭᠰᠢ ᠲᠣᠭᠣᠷᠢᠭ᠎ᠤᠨ ᠬᠥᠮᠦᠨ ᠠᠮᠠ᠎ᠪᠠᠷ ᠬᠠᠮᠤᠭ᠎ᠤᠨ ᠣᠯᠠᠨ᠂ ᠬᠡᠪᠴᠢᠶ᠎ᠡ᠎ᠪᠠᠷ ᠬᠠᠮᠤᠭ᠎ᠤᠨ ᠶᠡᠬᠡ ᠵᠡᠭᠡᠯᠢ ᠭᠤᠳᠤᠮᠵᠢ ᠪᠣᠯᠤᠨ᠎ᠠ᠃
ᠬᠢᠶ᠎ᠠ ᠪᠠᠭᠰᠢ ᠲᠣᠭᠣᠷᠢᠭ᠎ᠤᠨ ᠪᠢᠨ ᠾᠧ ᠵᠡᠭᠡᠯᠢ ᠭᠤᠳᠤᠮᠵᠢ ᠵᠢ 2010 ᠣᠨ᠎ᠤ 5 ᠰᠠᠷ᠎ᠠ᠎ᠳᠤ ᠪᠠᠶ᠋ᠢᠭᠤᠯᠬᠤ᠎ᠪᠠᠷ ᠪᠡᠯᠡᠳᠬᠡᠵᠦ᠂ 2011 ᠣᠨ᠎ᠤ 7 ᠰᠠᠷ᠎ᠠ᠎ᠳᠤ ᠵᠢᠩᠬᠢᠨᠢ᠎ᠪᠠᠷ ᠴᠤᠬᠤᠯᠠᠪᠤᠷᠢᠯᠠᠨ ᠬᠠᠷᠢᠭᠤᠯᠪᠠ᠂ ᠬᠠᠷᠢᠶᠠᠯᠠᠬᠤ ᠬᠡᠪᠴᠢᠶ᠎ᠡ᠎ᠨᠢ ᠤᠮᠠᠷᠠᠰᠢ ᠣᠷᠳᠣᠰ ᠶᠡᠬᠡ ᠵᠡᠭᠡᠯᠢ᠎ᠲᠠᠢ ᠬᠠᠪᠢᠳᠠᠨ᠂ ᠡᠮᠦᠨᠡᠰᠢ ᠤᠯᠠᠭ᠋ᠠᠨᠮᠦ᠋ᠷᠡᠨ ᠨᠠᠭᠤᠷ᠎ᠲᠠᠢ ᠬᠠᠪᠢᠳᠠᠵᠤ᠂ ᠵᠡᠭᠦᠨᠰᠢ ᠲᠣᠷᠣᠨ᠎ᠠ ᠵᠠᠮ᠎ᠲᠠᠢ ᠵᠠᠯᠭ᠋ᠠᠯᠳᠣᠨ᠂ ᠪᠠᠷᠠᠭᠤᠨᠰᠢ ᠬᠤ᠌ ᠪᠢᠨ ᠵᠠᠮ᠎ᠲᠠᠢ ᠵᠠᠯᠭ᠋ᠠᠯᠳᠤᠵᠤ᠂ ᠬᠠᠷᠢᠶᠠᠲᠤ ᠣᠷᠣᠨ᠎ᠤ ᠶᠡᠷᠦᠩᠬᠡᠶ ᠲᠠᠯᠠᠪᠠᠶ᠎ᠨᠢ 17.36 ᠲᠡᠭᠰᠢ ᠳᠥᠷᠪᠡᠯᠵᠢᠨ ᠺᠢᠯᠣᠮᠧᠲᠷ᠃ ᠵᠡᠭᠡᠯᠢ ᠭᠤᠳᠤᠮᠵᠢ ᠵᠢᠨ ᠬᠠᠷᠢᠶᠠᠨ᠎ᠳᠤ ᠺᠠᠩ ᠴᠧᠩ᠂ ᠨᠢᠩ ᠰᠢᠨ᠂ ᠰᠢᠩ ᠸᠠᠩ᠂ ᠬᠦᠭᠡᠲᠠᠯ᠎ᠠ 4 ᠨᠡᠶ᠋ᠢᠭᠡᠮ ᠲᠣᠭᠣᠷᠢᠭ᠎ᠲᠠᠢ᠃ ᠨᠡᠶ᠋ᠢᠲᠡ 22 ᠰᠠᠭᠤᠭ᠋ᠠᠯᠢ ᠠᠷᠠᠳ᠎ᠤᠨ ᠲᠣᠭᠣᠷᠢᠭ᠂ 9187 ᠡᠷᠦᠬᠡ ᠎ᠲᠠᠢ᠂ ᠨᠢᠭᠡᠨᠲᠡ 7433 ᠡᠷᠦᠬᠡ ᠣᠷᠣᠨ ᠰᠠᠭᠤᠵᠦ᠂ ᠣᠷᠣᠵᠤ ᠰᠠᠭᠤᠭᠰᠠᠨ ᠨᠣᠷᠮ᠎ᠠ᠎ᠨᠢ 81%᠎ᠳᠤ ᠬᠥᠷᠪᠡ᠃ ᠶᠡᠷᠦᠩᠬᠡᠶ ᠬᠥᠮᠦᠨ ᠠᠮᠠ᠎ᠨᠢ 2.7 ᠲᠦᠮᠡ ᠭᠠᠷᠤᠶ ᠪᠠᠶ᠋ᠢᠵᠤ᠂ ᠡᠭᠦᠨ᠎ᠳᠤ ᠪᠠᠶ᠋ᠢᠩᠭᠤ ᠰᠠᠭᠤᠭ᠎ᠠ ᠬᠥᠮᠦᠨ ᠠᠮᠠ᠎ᠨᠢ 2.2 ᠲᠦᠮᠡ ᠭᠠᠷᠤᠶ ᠪᠠᠶ᠋ᠢᠨ᠎ᠠ᠃

ᠵᠠᠰᠠᠭ᠎ᠤᠨ ᠣᠷᠳᠣᠨ᠎ᠤ ᠠᠯᠪᠠᠨ ᠪᠢᠴᠢᠭ

ᠣᠷᠳᠣᠰ ᠲᠢᠶᠡᠲᠷ
ᠣᠷᠳᠣᠰ ᠲᠢᠶᠠᠲᠷ᠎ᠤᠨ ᠪᠠᠷᠢᠯᠭ᠎ᠠ᠎ᠨᠢ ᠤᠷᠳᠤᠰ ᠮᠤᠩᠭᠤᠯᠴᠤᠳ᠎ᠤᠨ ᠡᠷᠡᠭᠳᠠᠢ ᠡᠮᠡᠭᠲᠠᠢ ᠵᠢᠨ ᠲᠤᠯᠤᠭ᠋ᠠᠢ ᠵᠢᠨ ᠵᠠᠰᠠᠯ᠎ᠤᠨ ᠶᠠᠩᠵᠦ᠎ᠲᠠᠢ ᠪᠠᠢ᠌ᠵᠦ᠂ ᠳᠠᠭᠤᠷᠢ ᠵᠢᠨ ᠲᠢᠶᠠᠲᠷ ᠪᠤᠯᠤᠨ ᠲᠠᠭᠤᠤ ᠬᠦᠭᠵᠢᠮ᠎ᠤᠨ ᠲᠢᠩᠬᠢᠮ ᠵᠡᠷᠭᠡ ᠬᠤᠶᠠᠷ ᠲᠤᠭᠤᠢ ᠬᠡᠯᠪᠡᠷᠢ ᠵᠢᠨ ᠪᠠᠷᠢᠯᠭ᠎ᠠ᠎ᠪᠠᠷ ᠪᠦᠷᠢᠯᠳᠦᠨ᠂ ᠬᠤᠭᠤᠷᠤᠨᠳᠦ᠎ᠨᠢ ᠡᠷᠡᠭᠲᠠᠢ ᠵᠢᠨ ᠮᠠᠯᠠᠭ᠋ᠠᠢ ᠵᠢᠨ ᠪᠦᠴᠡ ᠵᠢᠨ ᠬᠡᠯᠪᠡᠷᠢ᠎ᠲᠠᠢ ᠮᠤᠷᠤᠢ᠌ᠯᠵᠢᠨ ᠬᠡᠯᠪᠡᠷᠢᠳᠦ ᠬᠡᠷᠡᠮ ᠵᠶ᠋ᠠᠷ ᠬᠤᠯᠪᠤᠵᠠᠢ᠃ ᠵᠦᠴᠦᠭᠡ ᠵᠢᠨ ᠬᠦᠷᠢᠶᠡᠯᠡᠩ᠎ᠤᠨ ᠡᠵᠡᠯᠡᠬᠦ ᠲᠠᠯᠠᠪᠠᠢ᠎ᠨᠢ 2. 27 ᠲᠦᠮᠡᠨ ᠲᠡᠭᠰᠢ ᠲᠦᠷᠪᠡᠯᠵᠢᠨ ᠮᠧᠲᠷ᠂ ᠪᠠᠷᠢᠯᠭ᠎ᠠ ᠵᠢᠨ ᠶᠡᠷᠦᠩᠬᠡᠢ ᠲᠠᠯᠠᠪᠠᠢ᠎ᠨᠢ 3.84 ᠲᠦᠮᠡᠨ ᠲᠡᠭᠰᠢ ᠲᠦᠷᠪᠡᠯᠵᠢᠨ ᠮᠧᠲᠷ᠂ ᠪᠠᠷᠢᠯᠭ᠎ᠠ ᠵᠢᠨ ᠦᠨᠳᠦᠷ᠎ᠨᠢ 44.4 ᠮᠧᠲᠷ ᠪᠤᠯᠤᠨ᠎ᠠ᠃ ᠲᠤᠳᠤᠷ᠎ᠠ᠎ᠨᠢ 1408 ᠰᠠᠭᠤᠳᠠᠯ᠎ᠲᠠᠢ ᠶᠡᠷᠦᠩᠬᠡᠢ᠌ᠯᠡᠭᠰᠡᠨ ᠵᠦᠴᠦᠭᠡ ᠵᠢᠨ ᠲᠢᠶᠠᠲᠷ᠂ 716 ᠰᠠᠭᠤᠳᠠᠯ᠎ᠲᠠᠢ ᠲᠠᠭᠤᠤ ᠬᠦᠭᠵᠢᠮ᠎ᠤᠨ ᠲᠢᠩᠬᠢᠮ ᠵᠢᠴᠢ ᠲᠤᠭ᠋ᠠᠴᠢᠯᠠᠭᠰᠠᠨ ᠺᠢᠨᠤ᠋ ᠵᠢᠨ ᠲᠢᠩᠬᠢᠮ᠂ ᠢᠳᠡᠭᠡᠨ ᠤᠮᠳᠠᠭ᠋ᠠᠨ᠂ ᠬᠤᠨᠤᠭ᠂ ᠨᠠᠭ᠋ᠠᠳᠤᠨ ᠴᠡᠩᠭᠡᠬᠦ᠂ ᠬᠤᠳᠠᠯᠳᠤᠭ᠋ᠠᠨ᠎ᠤ ᠲᠡᠯᠭᠡᠭᠦᠷ ᠵᠡᠷᠭᠡ ᠲᠠᠭ᠋ᠠᠯᠳᠠ ᠦᠢ᠍ᠯᠡᠴᠢᠯᠡᠭᠡᠨ᠎ᠤ ᠲᠦᠬᠦᠭᠡᠷᠤᠮᠵᠢ᠎ᠲᠠᠢ ᠪᠠᠢ᠌ᠵᠦ᠂ ᠲᠤᠭᠯᠠᠯᠳᠠ ᠭᠠᠷᠭ᠋ᠠᠬᠣ᠂ ᠬᠦᠭᠵᠢᠮ᠎ᠤᠨ ᠲᠢᠩᠬᠢᠮ᠂ ᠺᠢᠨᠤ᠋ ᠳᠦᠷᠰᠣ ᠰᠣᠶᠤᠯ ᠵᠢᠴᠢ ᠠᠵᠢᠯᠯᠠᠬᠤ ᠭᠠᠵᠠᠷ ᠵᠶ᠋ᠠᠷ ᠨᠢᠭᠡ ᠴᠣᠭᠴᠠ ᠪᠣᠯᠭ᠋ᠠᠭᠰᠠᠨ ᠦᠢ᠍ᠯᠡᠴᠢᠯᠡᠭᠡ ᠵᠢ ᠪᠠᠭᠳᠠᠭ᠋ᠠᠭᠰᠠᠨ ᠭᠠᠵᠠᠷ ᠳᠣᠷᠣᠭᠰᠢ ᠨᠢᠭᠡᠨ ᠲᠠᠪᠬᠤᠷ᠂ ᠭᠠᠵᠠᠷ ᠎ᠠᠴᠠ ᠳᠡᠭᠡᠭᠰᠢ ᠭᠤᠷᠪᠠᠨ ᠲᠠᠪᠬᠤᠷ ᠲᠤᠮᠤ ᠬᠡᠯᠪᠡᠷᠢ ᠵᠢᠨ ᠶᠡᠷᠦᠩᠬᠡᠢ᠌ᠯᠡᠭᠰᠡᠨ ᠪᠠᠷᠢᠯᠭ᠎ᠠ ᠶᠤᠮ᠃ ᠪᠠᠷᠢᠯᠭ᠎ᠠ ᠵᠢᠨ ᠬᠡᠯᠪᠡᠷᠢ ᠮᠠᠶᠢᠭ᠎ᠨᠢ ᠨᠡᠢ᠌ᠯᠡᠮᠵᠢᠲᠠᠢ ᠰᠠᠢ᠌ᠬᠠᠨ ᠪᠠᠢ᠌ᠵᠦ᠂ ᠣᠷᠳᠣᠰ᠎ᠤᠨ ᠣᠨᠴᠠᠭ᠋ᠠᠢ ᠰᠤᠶᠤᠯ᠎ᠤᠨ ᠠᠭᠣᠯᠣᠭᠳᠠᠬᠣᠨ ᠪᠤᠯᠤᠨ ᠴᠤᠭ ᠵᠢᠪᠬᠤᠭ᠎ᠠ ᠵᠢ ᠬᠠᠷᠠᠭᠤᠯᠤᠨ᠎ᠠ᠃ ᠪᠠᠷᠢᠯᠭ᠎ᠠ ᠵᠢ ᠲᠦᠰᠦᠪᠯᠡᠭᠰᠡᠨ᠎ᠨᠢ ᠰᠢᠨᠡᠷᠡᠬᠦᠦ᠂ ᠦᠨᠳᠦᠰᠦᠳᠡᠨ᠎ᠤ ᠤᠨᠴᠠᠯᠢᠭ ᠲᠤᠪᠤᠢ᠌ᠮ᠎ᠠ᠂ ᠬᠡᠷᠡᠭᠯᠡᠭᠡᠨ᠎ᠤ ᠦᠢ᠍ᠯᠡᠳᠦᠯ ᠪᠤᠯᠤᠨ ᠲᠤᠨᠤᠭ ᠲᠦᠬᠦᠭᠡᠷᠦᠮᠵᠢ᠎ᠨᠢ ᠪᠦᠷ ᠤᠯᠣᠰ᠎ᠤᠨ ᠲᠡᠷᠢᠭᠦᠨ᠎ᠤ ᠬᠡᠮᠵᠢᠶᠡᠨ᠎ᠳᠤ ᠬᠦᠷᠴᠠᠢ᠃