ᠰᠤᠷᠪᠤᠯᠵᠢᠯᠠᠭ᠍ᠴᠢ 9 ᠳ᠋ᠦ᠍ᠭᠡᠷ ᠰᠠᠷ᠎ᠠ᠎ᠶᠢᠨ 4᠎ᠤ ᠡᠳᠦᠷ ᠶᠠᠪᠤᠭᠳᠠᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭᠠᠨ᠎ᠤ ᠠᠵᠢᠯ᠎ᠢ ᠠᠬᠢᠭᠤᠯᠬᠤ ᠬᠤᠷᠠᠯ᠎ᠠᠴᠠ ᠣᠢᠯᠠᠭᠠᠭᠰᠠᠨ᠎ᠢᠶᠠᠷ᠂ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠭᠦᠨᠵᠡᠭᠡᠢ ᠬᠠᠮᠵᠢᠯᠴᠠᠭ᠎ᠠ᠎ᠶᠢ ᠥᠪᠥᠷ ᠮᠣᠩᠭᠣᠯ 3 ᠲᠠᠯ᠎ᠠ᠎ᠪᠠᠷ ᠠᠬᠢᠭᠤᠯᠵᠤ᠂ ᠲᠥᠪ᠎ᠦᠨ ᠠᠵᠤ ᠠᠬᠤᠢᠯᠠᠯ᠂ ᠣᠷᠣᠨ ᠨᠤᠲᠤᠭ᠎ᠤᠨ ᠠᠵᠤ ᠠᠬᠤᠢᠯᠠᠯ᠎ᠤᠨ ᠳᠠᠪᠠᠭᠤᠯᠢᠭ᠋᠎ᠢ ᠤᠯᠠᠮ ᠨᠢᠭᠡ ᠠᠯᠬᠤᠮ ᠪᠠᠳᠠᠷᠠᠭᠤᠯᠤᠨ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠬᠠᠮᠲᠤ᠎ᠪᠠᠷ ᠠᠬᠢᠭᠤᠯᠬᠤ ᠪᠣᠯᠣᠨ᠎ᠠ᠃ ᠡᠩ ᠲᠡᠷᠢᠭᠦᠨ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠦᠢᠯᠡᠴᠢᠯᠡᠭᠡᠨ᠎ᠦ ᠲᠣᠪᠴᠢᠶ᠎ᠠ ᠲᠦᠷᠦᠭᠦᠯᠡᠨ᠂ ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ ᠯᠤᠭ᠎ᠠ ᠤᠶᠠᠯᠳᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢᠭᠠᠳ ᠲᠥᠪ᠎ᠦᠨ ᠠᠵᠤ ᠠᠬᠤᠢᠯᠠᠯ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠪᠠᠢᠩᠭᠤᠱᠢᠭᠤᠯᠤᠭ᠍ᠰᠠᠨ ᠵᠣᠯᠭᠠᠭᠤᠯᠵᠤ ᠨᠡᠪᠲᠡᠷᠡᠯᠴᠡᠬᠦ ᠲᠣᠭᠲᠠᠴᠠ᠎ᠶᠢ ᠪᠠᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠣᠶᠠᠷ ᠲᠠᠯ᠎ᠠ᠎ᠶᠢᠨ ᠬᠠᠮᠵᠢᠯᠴᠠᠭᠠᠨ᠎ᠤ ᠳᠤᠮᠳᠠ ᠲᠤᠯᠭᠠᠷᠠᠭᠰᠠᠨ ᠲᠦᠭ᠌ᠵᠢᠷᠡᠯ ᠬᠦᠴᠢᠷᠳᠡᠯ ᠠᠰᠠᠭᠤᠳᠠᠯ᠎ᠢ ᠵᠥᠪᠳᠡᠯᠴᠡᠨ ᠰᠢᠢᠳᠪᠦᠷᠢᠯᠡᠵᠦ᠂ ᠲᠦᠷᠦᠯ ᠵᠦᠢᠯ᠎ᠢ ᠬᠢᠨᠠᠨ ᠵᠦᠪᠱᠢᠶᠡᠷᠡᠬᠦ᠌᠂ ᠬᠦᠴᠦᠨ ᠵᠦᠢᠯ᠎ᠢ ᠪᠠᠲᠤᠯᠠᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠰᠢᠨ᠎ᠡ᠎ᠶᠢ ᠡᠭᠦᠳᠬᠦ᠎ᠶᠢ ᠤᠷᠮᠠᠰᠢᠭᠤᠯᠬᠤ ᠵᠡᠷᠭᠡ ᠲᠠᠯ᠎ᠠ᠎ᠪᠠᠷ ᠬᠠᠮᠵᠢᠯᠴᠠᠭᠠᠨ᠎ᠤ ᠠᠵᠤ ᠠᠬᠤᠢᠯᠠᠯ᠎ᠤᠳ᠎ᠲᠤ ᠵᠦᠢ ᠵᠣᠬᠢᠰᠲᠠᠢ ᠳᠡᠮᠵᠢᠯᠭᠡ ᠬᠠᠩᠭᠠᠵᠤ᠂ ᠡᠯ᠎ᠡ ᠵᠦᠢᠯ᠎ᠦᠨ ᠬᠠᠮᠵᠢᠯᠴᠠᠭᠠᠨ᠎ᠤ ᠡᠭᠦᠷᠭᠡ᠎ᠶᠢ ᠡᠮᠬᠢ ᠵᠢᠷᠤᠮ᠎ᠲᠠᠢ ᠠᠬᠢᠭᠤᠯᠬᠤ᠎ᠶᠢ ᠲᠦᠯᠬᠢᠨ ᠠᠬᠢᠭᠤᠯᠤᠨ᠎ᠠ᠃ ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠡᠴᠡ ᠲᠥᠪ᠎ᠦᠨ ᠠᠵᠤ ᠠᠬᠤᠢᠯᠠᠯ᠂ ᠣᠷᠣᠨ ᠨᠤᠲᠤᠭ᠎ᠤᠨ ᠠᠵᠤ ᠠᠬᠤᠢᠯᠠᠯ᠎ᠤᠨ ᠪᠣᠳᠠᠲᠠᠢ ᠬᠡᠷᠡᠭᠴᠡᠭᠡ ᠪᠠ ᠬᠠᠮᠲᠤᠷᠠᠯᠴᠠᠭᠠᠨ᠎ᠤ ᠰᠠᠨᠠᠮᠵᠢ᠎ᠶᠢ ᠭᠦᠨᠵᠡᠭᠡᠢ ᠣᠢᠯᠠᠭᠠᠵᠤ᠂ 《ᠨᠢᠭᠡ᠎ᠡᠴᠡ ᠨᠢᠭᠡ᠎ᠳᠦ ᠴᠢᠭ᠌ᠯᠡᠭᠦᠯᠦᠨ》 《ᠴᠡᠭ᠎ᠡᠴᠡ ᠴᠡᠭ᠎ᠲᠦ ᠬᠦᠷᠬᠦ᠌》 ᠨᠠᠷᠢᠯᠢᠭ᠋ ᠣᠨᠣᠴᠠᠲᠠᠢ ᠦᠢᠯᠡᠴᠢᠯᠡᠭᠡ ᠬᠠᠩᠭᠠᠵᠤ᠂ ᠬᠠᠮᠲᠤᠷᠠᠯᠴᠠᠭᠠᠨ᠎ᠤ ᠰᠠᠨᠠᠮᠵᠢ᠎ᠲᠠᠢ ᠪᠠᠢᠬᠤ ᠠᠵᠤ ᠠᠬᠤᠢᠯᠠᠯ ᠬᠢᠭᠡᠳ ᠲᠥᠷᠥᠯ ᠵᠦᠢᠯ᠎ᠢ ᠤᠯᠠᠮ ᠨᠢᠭᠡ ᠠᠯᠬᠤᠮ ᠭᠦᠨᠵᠡᠭᠡᠢ ᠵᠣᠯᠭᠠᠭᠤᠯᠬᠤ᠎ᠶᠢ ᠠᠬᠢᠭᠤᠯᠵᠤ᠂ ᠠᠯᠢ ᠲᠦᠷᠭᠡᠨ᠎ᠢᠶᠡᠷ ᠬᠠᠮᠲᠤ᠎ᠶᠢᠨ ᠲᠠᠨᠢᠯᠲᠠ᠎ᠲᠠᠢ ᠪᠣᠯᠭᠠᠬᠤ᠎ᠶ᠋ᠢᠨ ᠬᠠᠮᠲᠤ ᠵᠥᠪᠯᠡᠯᠴᠡᠭᠡᠷ ᠲᠣᠬᠢᠷᠠᠯᠴᠠᠭᠤᠯᠤᠨ᠎ᠠ; ᠨᠢᠭᠡᠨᠲᠡ ᠵᠦᠪᠯᠡᠯᠴᠡᠭᠡᠷ ᠲᠣᠬᠢᠷᠠᠯᠴᠠᠭ᠍ᠰᠠᠨ ᠬᠠᠮᠵᠢᠯᠴᠠᠭᠠᠨ᠎ᠤ ᠲᠦᠷᠦᠯ ᠵᠦᠢᠯ᠎ᠢ ᠠᠯᠢ ᠲᠦᠷᠭᠡᠨ᠎ᠢᠶᠡᠷ ᠨᠠᠢᠳᠠᠪᠤᠷᠢᠵᠢᠭᠤᠯᠬᠤ᠎ᠶᠢ ᠨᠢ ᠵᠣᠬᠢᠴᠠᠭᠤᠯᠤᠨ ᠠᠬᠢᠭᠤᠯᠵᠤ᠂ ᠪᠡᠯᠡ ᠣᠷᠣᠭᠤᠯᠤᠨ ᠪᠦᠲᠦᠭᠡᠨ ᠪᠠᠢᠭᠤᠯᠵᠤ ᠪᠠᠢᠭ᠎ᠠ ᠲᠦᠷᠦᠯ ᠵᠦᠢᠯ᠎ᠢ ᠠᠯᠢ ᠲᠦᠷᠭᠡᠨ᠎ᠢᠶᠡᠷ ᠦᠢᠯᠡᠳᠪᠦᠷᠢᠯᠡᠭᠦᠯᠵᠦ᠍᠂ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ᠃ ᠡᠭᠦᠨ᠎ᠦ ᠬᠠᠮᠲᠤ᠂ ᠥᠪᠥᠷ ᠮᠣᠩᠭᠣᠯ᠎ᠦᠨ ᠬᠢᠨ᠎ᠡᠴᠡ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠬᠠᠮᠵᠢᠯᠴᠠᠬᠤ ᠠᠵᠢᠯᠯᠠᠭᠠᠨ᠎ᠤ ᠳᠤᠮᠳᠠᠬᠢ ᠰᠠᠢᠨ ᠲᠤᠷᠱᠢᠯᠭ᠎ᠠ ᠰᠤᠷᠭᠠᠮᠵᠢ᠂ ᠰᠠᠢᠨ ᠠᠷᠭ᠎ᠠ ᠬᠢᠳᠡᠯ᠂ ᠰᠠᠢᠨ ᠨᠡᠢᠲᠡᠯᠢᠭ ᠵᠢᠱ᠌ᠢᠶ᠎ᠡ᠎ᠶᠢ ᠴᠠᠭ ᠲᠤᠬᠠᠢ᠎ᠳᠤ ᠨᠢ ᠳ᠋ᠦᠩᠨᠡᠨ ᠳᠡᠯᠭᠡᠷᠡᠭᠦᠯᠵᠦ᠍᠂ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ 《ᠵᠣᠷᠢᠭ᠍ᠲᠠᠢ ᠬᠠᠮᠵᠢᠯᠴᠠᠬᠤ᠂ ᠳᠤᠷᠠᠲᠠᠶ᠎ᠠ ᠬᠠᠮᠵᠢᠯᠴᠠᠬᠤ᠂ ᠬᠠᠮᠵᠢᠯᠴᠠᠵᠤ ᠳᠡᠶ᠋ᠢᠯᠬᠦ》 ᠰᠠᠢᠨ ᠰᠠᠢᠬᠠᠨ ᠣᠷᠴᠢᠨ ᠨᠦᠬᠦᠴᠡᠯ᠎ᠢ ᠪᠦᠬᠦ᠌ ᠨᠡᠢᠭᠡᠮ᠎ᠢᠶᠡᠷ᠎ᠢᠶᠡᠨ ᠬᠠᠯᠠᠮᠵᠢᠯᠠᠨ ᠳᠡᠮᠵᠢᠵᠦ᠍ ᠪᠣᠶ ᠪᠣᠯᠭᠠᠨ᠎ᠠ᠃ ᠣᠢᠯᠠᠭᠠᠭᠰᠠᠨ᠎ᠢᠶᠠᠷ᠂ ᠵᠡᠭᠦᠨ ᠬᠣᠢᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠶᠢᠨ ᠲᠥᠯᠥᠭᠡ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ 2021 ᠣᠨ᠎ᠳᠤ 《ᠵᠡᠭᠦᠨ ᠬᠣᠢᠲᠤ ᠣᠷᠣᠨ᠎ᠳᠤ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭᠠᠨ᠎ᠤ ᠠᠵᠢᠯᠯᠠᠭᠠᠨ᠎ᠢ ᠥᠷᠨᠢᠭᠦᠯᠬᠦ ᠲᠤᠬᠠᠢ ᠮᠡᠳᠡᠭᠳᠡᠯ》 ᠪᠠᠭᠤᠯᠭᠠᠵᠠᠢ᠂ ᠠᠵᠢᠯᠯᠠᠭᠠᠨ᠎ᠳᠤ ᠣᠷᠣᠯᠴᠠᠭᠰᠠᠨ ᠮᠤᠵᠢ ᠣᠷᠣᠨ᠎ᠳᠤ ᠵᠡᠭᠦᠨ ᠬᠣᠢᠲᠤ ᠣᠷᠣᠨ᠎ᠤ ᠭᠤᠷᠪᠠᠨ ᠮᠤᠵᠢ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠭᠲᠠᠨ᠎ᠠ᠃ 2021 ᠣᠨ᠎ᠠᠴᠠ ᠨᠠᠭᠠᠰᠢ ᠥᠷᠨᠢᠭᠦᠯᠦᠭᠰᠡᠨ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭᠠᠨ᠎ᠳᠤ ᠥᠪᠥᠷ ᠮᠣᠩᠭᠣᠯ ᠣᠷᠣᠯᠴᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ 26 ᠠᠵᠤ ᠠᠬᠤᠢᠯᠠᠯ᠂ ᠲᠥᠪ᠎ᠦᠨ 20 ᠠᠵᠤ ᠠᠬᠤᠢᠯᠠᠯ᠎ᠢ ᠪᠠᠭᠲᠠᠭᠠᠭᠰᠠᠨ ᠬᠣᠣᠰᠯᠠᠯ ᠠᠵᠤ ᠠᠬᠤᠢᠯᠠᠯ᠎ᠢ 26 ᠬᠣᠣᠰ ᠪᠦᠷᠢᠯᠳᠦᠭᠦᠯᠵᠦ᠂ ᠥᠪᠥᠷ ᠮᠣᠩᠭᠣᠯ᠎ᠤᠨ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠪᠠ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠡᠨᠡ ᠵᠢᠯ᠎ᠦᠨ 3 ᠳ᠋ᠤᠭᠠᠷ ᠰᠠᠷ᠎ᠠ᠎ᠳᠤ᠂ ᠰᠢᠨ᠎ᠡ ᠨᠢᠭᠡ ᠡᠭᠡᠯᠵᠢ᠎ᠶᠢᠨ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭᠠᠨ᠎ᠢ ᠡᠬᠢᠯᠡᠭᠦᠯᠵᠦ᠂ ᠥᠪᠥᠷ ᠮᠣᠩᠭᠣᠯ᠎ᠤᠨ 24 ᠠᠵᠤ ᠠᠬᠤᠢᠯᠠᠯ ᠪᠠ ᠲᠥᠪ᠎ᠦᠨ 22 ᠠᠵᠤ ᠠᠬᠤᠢᠯᠠᠯ᠎ᠤᠨ ᠳᠠᠭᠠᠯᠲᠠ ᠠᠵᠤ ᠠᠬᠤᠢᠯᠠᠯ ᠬᠠᠮᠵᠢᠯᠴᠠᠭᠠᠨ᠎ᠤ ᠠᠵᠢᠯᠯᠠᠭᠠᠨ᠎ᠳᠤ ᠣᠷᠣᠯᠴᠠᠪᠠ᠃ ᠲᠣᠰ ᠤᠳᠠᠭᠠᠨ᠎ᠤ ᠠᠬᠢᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠪᠦᠯᠦᠭᠯᠡᠯ᠎ᠦᠨ ᠪᠠᠭᠤᠳᠠᠯ᠎ᠤᠨ ᠬᠤᠪᠢᠴᠠᠭ᠎ᠠ ᠡᠵᠡᠮᠳᠡᠬᠦ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠣᠯ᠎ᠤᠨ ᠣᠶ ᠰᠢᠭᠤᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠂ ᠬᠤᠸᠠ ᠷᠦᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠬᠢᠵᠠᠭᠠᠷᠲᠤ ᠺᠣᠮᠫᠠᠨᠢ᠎ᠶᠢᠨ ᠤᠮᠠᠷᠠᠲᠤ᠎ᠶᠢᠨ ᠬᠤᠪᠢᠶᠠᠷᠢ ᠺᠣᠮᠫᠠᠨᠢ ᠬᠢᠭᠡᠳ ᠥᠪᠥᠷ ᠮᠣᠩᠭᠣᠯ᠎ᠤᠨ ᠡᠨᠧᠷᠭᠢ᠎ᠶᠢᠨ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠰᠢᠨ᠎ᠡ ᠡᠨᠧᠷᠭᠢ᠎ᠶᠢᠨ ᠬᠢᠵᠠᠭᠠᠷᠲᠤ ᠺᠣᠮᠫᠠᠨᠢ ᠵᠡᠷᠭᠡ ᠲᠥᠪ᠎ᠤᠨ ᠪᠠ ᠣᠷᠣᠨ ᠨᠤᠲᠤᠭ᠎ᠤᠨ 6 ᠬᠣᠣᠰ ᠠᠵᠤ ᠠᠬᠤᠢᠯᠠᠯ ᠬᠠᠮᠲᠤᠷᠠᠯᠴᠠᠭᠠᠨ᠎ᠤ ᠵᠦᠪᠯᠡᠯᠴᠡᠭᠡᠷ ᠲᠣᠬᠢᠷᠠᠯᠴᠠᠵᠤ᠂ ᠬᠠᠮᠲᠤᠷᠠᠯᠴᠠᠭᠠᠨ᠎ᠤ ᠠᠭᠤᠯᠭ᠎ᠠ ᠨᠢ ᠰᠣᠶᠣᠯ ᠵᠢᠭᠤᠯᠴᠢᠯᠠᠯ᠂ ᠰᠢᠨ᠎ᠡ ᠡᠨᠧᠷᠭᠢ᠂ ᠵᠣᠬᠢᠶᠠᠮᠠᠯ ᠣᠶᠣᠨ ᠵᠡᠷᠭᠡ ᠣᠯᠠᠨ ᠬᠦᠷᠢᠶᠡᠨ᠎ᠳᠦ ᠬᠣᠯᠪᠣᠭ᠍ᠳᠠᠭ᠍ᠰᠠᠨ ᠪᠠᠢᠨ᠎ᠠ᠃
ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠄ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠠᠵᠤ ᠠᠬᠤᠢᠯᠠᠯ᠎ᠤᠨᠰᠠᠨᠠᠭᠠᠰᠢᠷᠠᠵᠤ ᠪᠠᠢᠭ᠎ᠠ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠡᠯᠡ ᠮᠥᠩᠭᠥ᠎ᠶᠢ ᠰᠢᠭᠤᠳ ᠪᠠᠭᠤᠯᠭᠠᠬᠤ᠂ ᠭᠠᠢᠯᠢ ᠰᠦᠢᠳᠬᠡᠯ᠎ᠢ ᠬᠠᠰᠤᠵᠤ ᠬᠡᠯᠲᠦᠷᠢᠭᠦᠯᠬᠦ᠂ ᠬᠤᠳᠠᠯᠳᠤᠨ ᠠᠪᠬᠤ᠎ᠶᠢ ᠨᠢ ᠲᠡᠳᠬᠦᠨ ᠳᠡᠮᠵᠢᠬᠦ᠌ ᠵᠡᠷᠭᠡ ᠲᠠᠯ᠎ᠠ᠎ᠪᠠᠷ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠰᠢᠷᠢᠰ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠂ ᠠᠵᠤ ᠠᠬᠤᠢᠯᠠᠯ᠎ᠢ ᠲᠤᠰᠠᠯᠠᠬᠤ 《ᠬᠠᠮ ᠠᠷᠭ᠎ᠠ ᠪᠣᠳᠣᠯᠭ᠎ᠠ》 ᠭᠠᠷᠭᠠᠵᠤ᠂ ᠠᠵᠤ ᠠᠬᠤᠢᠯᠠᠯ᠎ᠤᠨ ᠬᠥᠭᠵᠢᠯᠲᠡ᠎ᠶᠢᠨ ᠵᠢᠱ᠌ᠢᠯᠲᠡ᠎ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠪᠡᠯᠡ ᠮᠥᠩᠭᠥ᠎ᠶᠢ ᠰᠢᠭᠤᠳ ᠪᠠᠭᠤᠯᠭᠠᠬᠤ ᠬᠤᠷᠳᠤᠴᠠ᠎ᠶᠢ ᠨᠢ ᠲᠦᠷᠭᠡᠳᠬᠡᠵᠦ ᠬᠡᠪᠴᠢᠶ᠎ᠡ᠎ᠶᠢ ᠨᠢ ᠦᠷᠭᠡᠳᠭᠡᠪᠡ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠥᠷᠥᠯ ᠵᠦᠢᠯ᠎ᠦᠨ ᠬᠥᠮᠥᠷᠭᠡ ᠪᠣᠯᠣᠨ ᠲᠥᠰᠥᠪ᠎ᠦᠨ ᠬᠠᠮᠢᠶᠠᠷᠤᠯᠲᠠ᠎ᠶᠢᠨ ᠨᠢᠭᠡ ᠴᠣᠭ᠍ᠴᠠᠵᠢᠭᠤᠯᠤᠭ᠍ᠰᠠᠨ ᠰᠢᠰᠲᠧᠮ᠎ᠳᠦ ᠲᠦᠰᠢᠭᠯᠡᠨ᠂ ᠥᠪᠥᠷ ᠮᠣᠩᠭᠣᠯ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠪᠡᠯᠡ ᠮᠥᠩᠭᠥ᠎ᠪᠠᠨ ᠰᠢᠭᠤᠳ ᠪᠠᠭᠤᠯᠭᠠᠬᠤ᠌ ᠵᠠᠮ᠎ᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 2024 ᠣᠨ᠎ᠳᠤ ᠠᠵᠤ ᠠᠬᠤᠢᠯᠠᠯ᠎ᠳᠤ ᠠᠰᠢᠭ᠋ ᠬᠦᠷᠲᠡᠭᠡᠬᠦ 13.77 ᠳ᠋ᠦᠩᠰᠢᠭᠤᠷ ᠲᠥᠭᠥᠷᠢᠭ ᠱᠢᠭᠤᠳ ᠪᠠᠭᠤᠯᠭᠠᠬᠤ᠌ ᠪᠡᠯᠡ ᠮᠥᠩᠭᠥ᠎ᠶᠢ ᠰᠣᠯᠢᠨ ᠥᠭ᠌ᠴᠦ᠂ ᠳᠣᠲᠣᠭᠠᠳᠤ ᠠᠷᠠᠯᠵᠢᠶ᠎ᠠ ᠬᠢᠭᠡᠳ ᠭᠠᠳᠠᠭᠠᠳᠤ ᠠᠵᠤ ᠠᠬᠤᠢ ᠠᠷᠠᠯᠵᠢᠶ᠎ᠠ ᠵᠢᠴᠢ ᠠᠵᠤ ᠦᠢᠯᠡᠳᠪᠦᠷᠢ ᠵᠡᠷᠭᠡ᠎ᠶᠢᠨ ᠬᠦᠷᠢᠶᠡᠨ᠎ᠳᠡᠬᠢ 2678 ᠲᠥᠷᠥᠯ ᠵᠦᠢᠯ᠎ᠦᠨ ᠬᠥᠭᠵᠢᠯᠲᠡ᠎ᠶᠢ ᠳᠡᠮᠵᠢᠭᠰᠡᠨ᠎ᠤ ᠰᠠᠭᠤᠷᠢᠨ ᠳᠡᠭᠡᠷ᠎ᠡ᠂ 2025 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠰᠢᠭᠤᠳ ᠪᠠᠭᠤᠯᠭᠠᠬᠤ ᠪᠡᠯᠡ ᠮᠥᠩᠭᠥᠨ᠎ᠦ ᠬᠡᠪᠴᠢᠶ᠎ᠡ᠎ᠶᠢ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠦ ᠬᠦᠷᠲᠡᠯ᠎ᠡ ᠥᠷᠭᠡᠳᠬᠡᠪᠡ᠂ ᠣᠳᠣᠬᠠᠨ ᠪᠣᠯᠲᠠᠯ᠎ᠠ ᠂ ᠡᠨᠡ ᠵᠢᠯ ᠨᠢᠭᠡᠨᠲᠡ ᠠᠵᠤ ᠠᠬᠤᠢᠯᠠᠯ᠎ᠳᠤ ᠠᠰᠢᠭ᠋ ᠬᠦᠷᠲᠡᠭᠡᠬᠦ 6.62 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ᠎ᠶᠢ ᠱᠢᠭᠤᠳ ᠪᠠᠭᠤᠯᠭᠠᠵᠤ᠂ ᠠᠵᠤ ᠠᠬᠤᠢᠯᠠᠯ᠎ᠤᠨ 480 ᠲᠥᠷᠥᠯ ᠵᠦᠢᠯ᠎ᠢ ᠳᠡᠮᠵᠢᠭᠰᠡᠨ ᠪᠠᠢᠨ᠎ᠠ᠃ ᠭᠠᠢᠯᠢ ᠰᠦᠢᠳᠬᠡᠯ᠎ᠤᠨ ᠬᠠᠷᠠᠭᠠᠯᠵᠠᠯ᠎ᠤᠨ ᠲᠠᠯ᠎ᠠ᠎ᠪᠠᠷ ᠬᠦᠴᠦᠯᠡᠨ ᠦᠷ᠎ᠡ ᠪᠦᠲᠦᠮᠵᠢ᠎ᠶᠢ ᠨᠢ ᠳᠡᠭᠡᠭ᠌ᠰᠢᠯᠡᠭᠦᠯᠪᠡ᠃ ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠭᠠᠢᠯᠢ᠎ᠶᠢ ᠬᠥᠩᠭᠡᠷᠡᠭᠦᠯᠵᠦ ᠰᠦᠢᠳᠬᠡᠯ᠎ᠢ ᠪᠠᠭᠤᠷᠠᠭᠤᠯᠬᠤ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠭᠰᠠᠨ ᠪᠥᠭᠡᠳ ᠣᠷᠣᠨ ᠨᠤᠲᠤᠭ᠎ᠤᠨ ᠡᠷᠬᠡ ᠣᠯᠭᠣᠭᠰᠠᠨ ᠬᠡᠪᠴᠢᠶᠡᠨ ᠳᠣᠲᠣᠷ᠎ᠠ 《ᠲᠣᠭ᠎ᠠ ᠬᠡᠮᠵᠢᠶ᠎ᠡ᠎ᠶᠢ ᠨᠢ ᠨᠡᠮᠡᠭᠳᠡᠭᠦᠯᠪᠡ》 ᠄ ᠵᠢᠵᠢᠭ ᠪᠢᠴᠢᠯ ᠠᠵᠤ ᠠᠬᠤᠢᠯᠠᠯ᠎ᠤᠨ ᠠᠰᠢᠭ᠋ ᠣᠷᠣᠯᠭ᠎ᠠ᠎ᠶᠢᠨ ᠭᠠᠢᠯᠢ᠎ᠶᠢᠨ ᠣᠷᠣᠨ ᠨᠤᠲᠤᠭ᠎ᠤᠨ ᠬᠤᠪᠢᠳᠠᠨ ᠡᠳ᠋ᠯᠡᠬᠦ ᠬᠡᠰᠡᠭ ᠪᠠ ᠪᠠᠭ᠎ᠠ ᠬᠡᠪᠴᠢᠶᠡᠨ᠎ᠦ ᠭᠠᠢᠯᠢ ᠲᠤᠰᠢᠶᠠᠭ᠍ᠴᠢ᠎ᠶᠢᠨ ᠭᠡᠷ ᠬᠥᠷᠥᠩᠭᠡ ᠭᠠᠵᠠᠷ ᠰᠢᠷᠣᠢ᠎ᠶᠢᠨ ᠭᠠᠢᠯᠢ᠎ᠶᠢ ᠨᠢ ᠬᠡᠯᠲᠦᠷᠢᠭᠦᠯᠵᠦ᠂ ᠭᠡᠷ ᠬᠥᠷᠥᠩᠭᠡ᠎ᠶᠢᠨ ᠭᠠᠢᠯᠢ᠎ᠶᠢ ᠨᠢ ᠬᠠᠰᠤᠬᠤ ᠬᠡᠮᠵᠢᠶ᠎ᠡ᠎ᠶᠢ ᠳᠡᠭᠡᠭᠰᠢᠯᠡᠭᠦᠯᠦᠨ᠂ ᠭᠠᠵᠠᠷ ᠰᠢᠷᠣᠢ ᠬᠡᠷᠡᠭᠯᠡᠬᠦ ᠭᠠᠢᠯᠢ᠎ᠶᠢᠨ ᠲᠣᠭ᠎ᠠ᠎ᠶᠢ ᠪᠠᠭᠤᠷᠠᠭᠤᠯᠵᠤ᠂ ᠣᠨᠴᠠ ᠲᠣᠭᠲᠠᠭᠠᠭᠰᠠᠨ ᠲᠡᠷᠭᠡ ᠬᠥᠰᠬᠡ᠎ᠶᠢᠨ ᠲᠡᠷᠭᠡ ᠣᠩᠭᠣᠴᠠ᠎ᠶᠢᠨ ᠭᠠᠢᠯᠢ᠎ᠶᠢ ᠬᠠᠭᠠᠰ᠎ᠢᠶᠠᠷ ᠬᠠᠰᠤᠵᠤ᠂ ᠰᠣᠶᠣᠯ᠎ᠤᠨ ᠦᠢᠯᠡᠰ᠎ᠦᠨ ᠪᠦᠲᠦᠭᠡᠨ ᠪᠠᠢᠭᠤᠯᠤᠯᠲᠠ᠎ᠶᠢᠨ ᠰᠦᠢᠳᠬᠡᠯ᠎ᠢ ᠬᠠᠰᠤᠵᠤ ᠬᠡᠯᠲᠦᠷᠢᠭᠦᠯᠪᠡ᠃ ᠬᠤᠳᠠᠯᠳᠤᠨ ᠠᠪᠬᠤ ᠲᠦᠷᠦ᠎ᠶᠢᠨ ᠪᠣᠳᠣᠯᠭ᠎ᠠ᠎ᠪᠠᠷ ᠨᠠᠷᠢᠯᠢᠭ ᠣᠨᠣᠴᠠᠲᠠᠢ ᠲᠡᠳᠬᠦᠨ ᠳᠡᠮᠵᠢᠪᠡ᠃ ᠥᠪᠡᠷᠲᠡᠭᠡᠨ ᠵᠠᠰᠠᠬᠤ ᠣᠷᠣᠨ᠎ᠡᠴᠡ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠦᠢᠯᠡᠴᠢᠯᠡᠭᠡ᠎ᠶᠢ ᠣᠯᠠᠨ ᠲᠠᠯ᠎ᠠ᠎ᠡᠴᠡ ᠰᠢᠯᠢᠳᠡᠭᠵᠢᠭᠦᠯᠵᠦ᠂ ᠬᠤᠳᠠᠯᠳᠤᠨ ᠠᠪᠬᠤ ᠬᠢᠵᠠᠭᠠᠷ ᠲᠣᠭ᠎ᠠ᠎ᠶᠢᠨ ᠪᠠᠷᠢᠮᠵᠢᠶ᠎ᠠ᠎ᠡᠴᠡ ᠳᠡᠭᠡᠭᠰᠢᠬᠢ ᠦᠢᠯᠡᠴᠢᠯᠡᠭᠡ ᠵᠢᠴᠢ 200 ᠲᠦᠮᠡᠨ ᠲᠥᠭᠥᠷᠢᠭ᠎ᠡᠴᠡ ᠳᠣᠷᠣᠭ᠍ᠰᠢᠬᠢ ᠪᠠᠷᠠᠭᠠᠨ᠎ᠤ ᠦᠢᠯᠡᠴᠢᠯᠡᠭᠡ᠂ 400 ᠲᠦᠮᠡᠨ ᠲᠥᠭᠥᠷᠢᠭ᠎ᠡᠴᠡ ᠳᠣᠷᠤᠭᠰᠢᠬᠢ ᠢᠨᠵᠧᠨᠧᠷᠢᠩ᠎ᠦᠨ ᠬᠤᠳᠠᠯᠳᠤᠨ ᠠᠪᠬᠤ ᠲᠥᠷᠥᠯ ᠵᠦᠢᠯ᠎ᠳᠦ ᠠᠰᠲᠠᠭᠠᠨ ᠲᠣᠭᠲᠠᠭᠠᠯ᠎ᠲᠠᠢ᠎ᠶᠢ ᠭᠠᠷᠭᠠᠪᠠᠯ᠂ ᠪᠦᠬᠦᠨ᠎ᠢ ᠳᠤᠮᠳᠠ ᠵᠢᠵᠢᠭ ᠠᠵᠤ ᠠᠬᠤᠢᠯᠠᠯ᠎ᠳᠤ ᠬᠠᠨᠳᠤᠭᠤᠯᠤᠨ ᠬᠤᠳᠠᠯᠳᠤᠨ ᠠᠪᠬᠤ ᠬᠤᠪᠢ᠎ᠶᠢᠨ ᠲᠣᠭ᠎ᠠ᠎ᠶᠢ ᠤᠷᠢᠳᠴᠢᠯᠠᠨ ᠦᠯᠡᠳᠡᠭᠡᠵᠦ ᠥᠭᠪᠡ; 200 ᠲᠦᠮᠡᠨ ᠲᠥᠭᠥᠷᠢᠭ᠎ᠡᠴᠡ ᠳᠡᠭᠡᠭᠰᠢᠬᠢ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡ᠂ 400 ᠲᠦᠮᠡᠨ ᠲᠥᠭᠥᠷᠢᠭ᠎ᠡᠴᠡ ᠳᠡᠭᠡᠭᠰᠢᠬᠢ ᠢᠨᠵᠧᠨᠧᠷᠢᠩ᠎ᠦᠨ ᠬᠤᠳᠠᠯᠳᠤᠨ ᠠᠪᠬᠤ ᠲᠥᠷᠥᠯ ᠵᠦᠢᠯ᠎ᠳᠦ ᠳᠤᠮᠳᠠ ᠵᠢᠵᠢᠭ ᠠᠵᠤ ᠠᠬᠤᠢᠯᠠᠯ ᠠ᠋ᠴᠠ ᠦᠢᠯᠡᠴᠢᠯᠡᠭᠡ ᠬᠠᠩᠭᠠᠬᠤ᠎ᠳᠤ ᠲᠣᠬᠢᠷᠠᠬᠤ ᠪᠣᠯ᠂ ᠲᠡᠭᠦᠨ᠎ᠳᠦ ᠤᠷᠢᠳᠴᠢᠯᠠᠨ ᠦᠯᠡᠳᠡᠭᠡᠵᠦ ᠥᠭᠬᠦ ᠬᠤᠪᠢ᠎ᠶᠢᠨ ᠲᠣᠭ᠎ᠠ᠎ᠶᠢ ᠬᠤᠳᠠᠯᠳᠤᠨ ᠠᠪᠬᠤ ᠲᠥᠷᠥᠯ ᠵᠦᠢᠯ᠎ᠦᠨ ᠲᠥᠰᠥᠪ᠎ᠦᠨ ᠶᠡᠷᠦᠩᠬᠡᠢ ᠲᠣᠭᠠᠨ᠎ᠤ 30%᠎ᠠᠴᠠ ᠳᠡᠭᠡᠭᠰᠢᠬᠢ᠎ᠶᠢ ᠨᠢ 40%᠎ᠠᠴᠠ ᠳᠡᠭᠡᠭ᠌ᠰᠢ ᠪᠣᠯᠲᠠᠯ᠎ᠠ ᠱᠠᠲᠤᠴᠢ ᠴᠢᠨᠠᠷᠲᠠᠢ᠎ᠪᠠᠷ ᠳᠡᠭᠡᠭ᠌ᠰᠢᠯᠡᠭᠦᠯᠪᠡ᠂ ᠡᠨᠡ ᠬᠦ᠌ ᠲᠥᠷᠥ᠎ᠶᠢᠨ ᠪᠣᠳᠣᠯᠭ᠎ᠠ᠎ᠶᠢ 2026 ᠣᠨ᠎ᠤ ᠡᠴᠦᠰ ᠪᠣᠯᠲᠠᠯ᠎ᠠ ᠬᠡᠷᠡᠭᠵᠢᠭᠦᠯᠦᠨ᠎ᠡ᠃ ᠡᠭᠦᠨ᠎ᠦ ᠬᠠᠮᠲᠤ᠂ ᠪᠥᠬᠥ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ 《ᠢᠲᠡᠭᠡᠮᠵᠢ + ᠠᠮᠠᠯᠠᠯᠲᠠ》᠎ᠪᠠᠷ ᠵᠥᠪᠰᠢᠶᠡᠷᠡᠨ ᠣᠷᠣᠭᠤᠯᠬᠤ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ᠎ᠶᠢ ᠪᠥᠬᠥ ᠲᠠᠯ᠎ᠠ᠎ᠪᠠᠷ ᠠᠷᠢᠯᠭᠠᠵᠤ᠂ ᠳᠤᠮᠳᠠ ᠵᠢᠵᠢᠭ ᠠᠵᠤ ᠠᠬᠤᠢᠯᠠᠯ᠎ᠤᠨ ᠡᠷᠬᠡ ᠲᠡᠭ᠌ᠰᠢ᠎ᠪᠡᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠣᠷᠣᠯᠴᠠᠬᠤ᠎ᠶ᠋ᠢ ᠪᠠᠲᠤᠯᠠᠪᠠ; ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠶᠢᠨ 《ᠪᠥᠬᠥ ᠣᠷᠣᠨ᠎ᠳᠦ ᠨᠢᠭᠡ ᠯᠠ ᠰᠦᠯᠵᠢᠶ᠎ᠡ》᠎ᠳᠦ ᠲᠦᠰᠢᠭᠯᠡᠨ᠂ ᠠᠯᠤᠰ᠎ᠡᠴᠡ ᠨᠢᠭᠤᠷᠳᠠᠬᠤ ᠦᠭᠡᠢ᠎ᠪᠡᠷ ᠳᠠᠭᠠᠭᠠᠴᠢᠯᠠᠯᠲᠠ᠎ᠪᠠᠨ ᠨᠡᠭᠡᠭᠡᠵᠦ ᠡᠬᠢᠯᠡᠭᠦᠯᠬᠦ᠎ᠶᠢ ᠪᠥᠬᠥ ᠲᠠᠯ᠎ᠠ᠎ᠪᠠᠷ ᠪᠡᠶᠡᠯᠡᠭᠦᠯᠬᠦ᠎ᠶᠢᠨ ᠬᠠᠮᠲᠤ᠂ ᠬᠠᠩᠭᠠᠯᠭ᠎ᠠ᠎ᠶᠢᠨ ᠬᠤᠳᠠᠯᠳᠤᠭᠠᠴᠢᠨ᠎ᠤ ᠲᠠᠪᠴᠠᠩ᠎ᠳᠤ ᠣᠷᠣᠵᠤ ᠲᠤᠰᠢᠶᠠᠬᠤ ᠰᠦᠢᠳᠬᠡᠯ᠎ᠢ ᠬᠡᠯᠲᠦᠷᠢᠭᠦᠯᠬᠦ ᠵᠡᠷᠭᠡ᠎ᠪᠡᠷ ᠳᠠᠮᠵᠢᠭᠤᠯᠤᠨ᠂ ᠬᠠᠩᠭᠠᠯᠭ᠎ᠠ᠎ᠶᠢᠨ ᠬᠤᠳᠠᠯᠳᠤᠭᠠᠴᠢᠨ᠎ᠤ ᠳᠠᠷᠤᠭᠠᠰᠤ᠎ᠶᠢ ᠬᠦᠩᠭᠡᠷᠡᠭᠦᠯᠪᠡ᠃ ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠬᠦᠴᠢᠷ ᠰᠡᠳᠦᠪ᠎ᠢ ᠱᠢᠢᠳᠪᠦᠷᠢᠯᠡᠪᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 1 ᠳ᠋ᠦᠩᠰᠢᠭᠤᠷ ᠲᠥᠭᠥᠷᠢᠭ ᠣᠷᠣᠭᠤᠯᠵᠤ ᠠᠷᠠᠳ᠎ᠡᠴᠡ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠢᠲᠡᠭᠡᠮᠵᠢᠲᠦ ᠪᠡᠯᠡ ᠲᠣᠬᠢᠷᠠᠭᠤᠯᠭ᠎ᠠ᠎ᠶᠢᠨ ᠲᠦᠭᠰᠢᠭᠦᠷᠢ᠎ᠶᠢ ᠬᠤᠪᠢᠳᠠᠨ ᠡᠭᠦᠷᠭᠡᠯᠡᠬᠦ 《ᠪᠡᠯᠡ ᠮᠥᠩᠭᠥᠨ᠎ᠦ ᠲᠠᠲᠠᠭᠠᠯ》᠎ᠢ ᠪᠠᠢᠭᠤᠯᠵᠤ᠂ ᠪᠠᠩᠬᠢ᠎ᠶᠢᠨ ᠪᠠᠢᠭᠤᠯᠤᠮᠵᠢ᠎ᠳᠤ 10%᠎ᠶ᠋ᠢᠨ ᠠᠵᠤ ᠠᠬᠤᠢᠯᠠᠯ᠎ᠳᠤ ᠵᠢᠭᠡᠯᠡᠯᠭᠡ ᠲᠠᠯᠪᠢᠭ᠍ᠰᠠᠨ ᠬᠣᠬᠢᠷᠠᠯ᠎ᠤᠨ ᠨᠥᠬᠥᠪᠦᠷᠢ ᠥᠭᠴᠦ᠂ ᠵᠢᠵᠢᠭ ᠪᠢᠴᠢᠯ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢᠶᠡᠨ ᠴᠢᠩᠭᠠᠷᠠᠭᠤᠯᠬᠤ᠎ᠶᠢ ᠬᠥᠲᠥᠯᠥᠨ ᠵᠢᠯᠣᠭᠣᠳᠪᠠ᠃ ᠡᠨᠡ ᠵᠢᠯ᠎ᠦᠨ 6 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠳ᠋ᠢᠩ ᠰᠢᠨ ᠪᠡᠯᠡ ᠲᠣᠬᠢᠷᠠᠭᠤᠯᠭ᠎ᠠ᠎ᠶᠢᠨ ᠳᠠᠭᠠᠭᠠᠯᠲᠠ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠬᠢᠯᠲᠠ ᠳᠠᠭᠠᠭᠠᠯᠲᠠ᠎ᠶ᠋ᠢᠨ ᠲᠤᠬᠠᠢᠯᠠᠭᠰᠠᠨ ᠠᠵᠢᠯ᠎ᠢ ᠨᠡᠶ᠋ᠢᠲᠡ 27.18 ᠳ᠋ᠦᠩᠰᠢᠭᠤᠷ ᠲᠥᠭᠥᠷᠢᠭ ᠥᠷᠨᠢᠭᠦᠯᠵᠦ᠂ ᠳᠠᠬᠢᠯᠲᠠ ᠳᠠᠭᠠᠭᠠᠯᠲᠠ᠎ᠶ᠋ᠢᠨ ᠲᠤᠬᠠᠢᠯᠠᠭᠰᠠᠨ ᠠᠵᠢᠯ᠎ᠢ ᠣᠷᠣᠨ᠎ᠤ ᠳᠣᠲᠣᠷ᠎ᠠ ᠪᠦᠬᠦᠨ᠎ᠢ ᠬᠠᠮᠤᠷᠬᠤ᠎ᠪᠡᠨ ᠪᠡᠶᠡᠯᠡᠭᠦᠯᠵᠡᠢ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠭᠡᠯᠡᠯᠭᠡ》᠎ᠶᠢᠨ ᠪᠡᠯᠡ ᠲᠣᠬᠢᠷᠠᠭᠤᠯᠭ᠎ᠠ᠎ᠶᠢᠨ ᠬᠡᠪ ᠵᠠᠭᠪᠤᠷ᠎ᠢ ᠢᠳᠡᠪᠬᠢᠲᠡᠢ ᠳᠡᠯᠭᠡᠷᠡᠭᠦᠯᠬᠦ᠎ᠪᠡᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠨᠡᠶ᠋ᠢᠲᠡ 19 ᠳ᠋ᠦᠩᠰᠢᠭᠤᠷ ᠭᠠᠷᠤᠢ ᠲᠥᠭᠥᠷᠢᠭ᠎ᠦᠨ ᠪᠡᠯᠡ ᠲᠣᠬᠢᠷᠠᠭᠤᠯᠭ᠎ᠠ ᠬᠢᠵᠦ᠂ ᠠᠷᠠᠳ᠎ᠡᠴᠡ ᠡᠵᠡᠩᠨᠡᠭᠰᠡᠨ ᠠᠵᠤ ᠠᠬᠤᠢᠯᠠᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠣᠷᠣᠯᠴᠠᠬᠤ ᠪᠡᠯᠡ ᠮᠥᠩᠭᠥᠨ᠎ᠦ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠪᠡ᠃
《ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ᠎ᠤ ᠬᠦᠴᠦᠨ ᠴᠢᠳᠠᠪᠤᠷᠢ᠎ᠶᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠡᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌〉᠎ᠶᠢ ᠠᠬᠢᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠢᠯᠤᠭᠣᠳᠬᠤ ᠰᠠᠨᠠᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ᠎ᠤ ᠬᠡᠷᠡᠭᠵᠢᠭᠦᠯᠬᠦ ᠲᠥᠰᠥᠯ》᠎ᠤᠨ ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶ᠋ᠢ 《ᠨᠠᠷᠢᠯᠢᠭ᠋ ᠣᠨᠣᠴᠠᠲᠠᠢ᠎ᠪᠠᠷ ᠬᠦᠷᠭᠡᠵᠦ᠍᠂ ᠭᠤᠶᠤᠴᠢᠯᠠᠬᠤ ᠦᠭᠡᠢ᠎ᠪᠡᠷ ᠬᠦᠷᠲᠡᠭᠡᠬᠦ᠌》᠎ᠶ᠋ᠢ ᠠᠬᠢᠭᠤᠯᠬᠤ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠦᠢᠯᠡᠴᠢᠯᠡᠭᠡ᠎ᠶᠢ ᠭᠦᠨᠵᠡᠭᠡᠢ ᠬᠡᠷᠡᠭᠵᠢᠭᠦᠯᠵᠦ᠂ ᠳ᠋ᠠᠢᠲ᠋ᠠ᠎ᠪᠠᠷ ᠬᠦᠴᠦᠨ ᠴᠢᠳᠠᠮᠵᠢ᠎ᠶ᠋ᠢ ᠨᠢ ᠡᠷᠴᠢᠮᠯᠡᠬᠦ᠌᠂ ᠴᠤᠪᠤᠷᠠᠯ᠎ᠢ ᠳᠠᠬᠢᠨ ᠪᠠᠢᠭᠤᠯᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ 《ᠠᠵᠤ ᠠᠬᠤᠢᠯᠠᠯ᠎ᠤᠳ ᠲᠥᠷᠥ᠎ᠶᠢᠨ ᠪᠣᠳᠣᠯᠭ᠎ᠠ ᠡᠷᠢᠵᠦ᠍》 ᠪᠠᠢᠭᠰᠠᠨ᠎ᠠᠴᠠ ᠨᠢ 《ᠲᠥᠷᠥ᠎ᠶᠢᠨ ᠪᠣᠳᠣᠯᠭ᠎ᠠ ᠨᠢ ᠠᠵᠤ ᠠᠬᠤᠢᠯᠠᠯ᠎ᠢ ᠡᠷᠢᠬᠦ》 ᠪᠣᠯᠭᠠᠨ ᠬᠤᠪᠢᠷᠠᠭᠤᠯᠵᠤ᠂ ᠲᠥᠷᠥ᠎ᠶᠢᠨ ᠪᠣᠳᠣᠯᠭ᠎ᠠ᠎ᠶᠢᠨ ᠠᠰᠢᠭ᠎ᠢ ᠱᠢᠭᠤᠳ ᠬᠦᠷᠲᠡᠭᠡᠬᠦ᠌᠎ᠶ᠋ᠢ ᠪᠡᠶᠡᠯᠡᠭᠦᠯᠪᠡ᠃ ᠨᠢᠭᠡ᠎ᠳᠦ᠂ ᠠᠵᠢᠯ᠎ᠤᠨ ᠲᠣᠭᠲᠠᠴᠠ᠎ᠶᠢ ᠪᠠᠢᠭᠤᠯᠪᠠ᠃ ᠬᠤᠪᠢᠳᠠᠨ ᠬᠠᠮᠢᠶᠠᠷᠴᠤ ᠪᠠᠢᠭ᠎ᠠ ᠲᠢᠩᠬᠢᠮ᠎ᠦᠨ ᠳᠡᠳ᠋ ᠳᠠᠷᠤᠭ᠎ᠠ ᠬᠠᠷᠢᠭᠤᠴᠠᠵᠤ᠂ ᠡᠯ᠎ᠡ ᠭᠠᠵᠠᠷ ᠲᠠᠰᠤᠭ᠎ᠤᠨ ᠭᠠᠵᠠᠷ᠎ᠤᠨ ᠳᠠᠷᠤᠭ᠎ᠠ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ 《ᠨᠠᠷᠢᠯᠢᠭ᠋ ᠣᠨᠣᠴᠠᠲᠠᠢ᠎ᠪᠠᠷ ᠬᠦᠷᠭᠡᠵᠦ᠍᠂ ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠠᠵᠢᠯ᠎ᠤᠨ ᠲᠣᠭᠲᠠᠴᠠ᠎ᠶᠢ ᠪᠠᠢᠭᠤᠯᠵᠤ᠂ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠭᠠᠵᠠᠷ᠎ᠢ ᠲᠦᠷᠦᠭᠦᠯᠡᠨ ᠬᠢᠬᠦ᠌ ᠭᠠᠵᠠᠷ ᠲᠠᠰᠤᠭ ᠪᠣᠯᠭᠠᠬᠤ᠎ᠪᠠᠷ ᠲᠣᠳᠣᠷᠬᠠᠢ ᠲᠣᠭᠲᠠᠭᠠᠪᠠ᠃ ᠬᠣᠶᠠᠷ᠎ᠲᠤ᠂ ᠲᠦᠷᠦ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠬᠢᠨᠠᠮᠠᠭᠠᠢ ᠡᠮᠬᠢᠯᠡᠨ ᠲᠢᠭ᠌ᠯᠡᠪᠡ᠃ ᠬᠡᠷᠡᠭᠵᠢᠭᠦᠯᠬᠦ ᠬᠡᠪᠴᠢᠶ᠎ᠡ ᠪᠠ ᠨᠥᠬᠥᠴᠡᠯ᠎ᠢ ᠲᠣᠳᠣᠷᠬᠠᠢᠯᠠᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠬᠣᠯᠪᠣᠭᠳᠠᠬᠤ ᠦᠢᠯᠡᠴᠢᠯᠡᠭᠡᠨ᠎ᠦ ᠲᠥᠷᠥ᠎ᠶᠢᠨ ᠪᠣᠳᠣᠯᠭ᠎ᠠ᠎ᠶᠢ ᠡᠮᠬᠢᠯᠡᠨ ᠰᠠᠯᠭᠠᠵᠤ᠂ ᠨᠡᠶ᠋ᠢᠲᠡ 15 ᠪᠢᠴᠢᠭ ᠮᠠᠲᠧᠷᠢᠶᠠᠯ ᠂ 73 ᠵᠦᠢᠯ᠎ᠦᠨ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠡᠮᠬᠢᠯᠡᠨ ᠳᠢᠭᠯᠡᠪᠡ᠃ 5 ᠳ᠋ᠤᠭᠠᠷ ᠰᠠᠷ᠎ᠠ᠎ᠶᠢᠨ 6 ᠎ᠤ ᠡᠳᠦᠷ᠎ᠡᠴᠡ ᠡᠬᠢᠯᠡᠨ᠂ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠭᠠᠵᠠᠷ᠎ᠡᠴᠡ ᠲᠤᠬᠠᠢᠯᠠᠭᠰᠠᠨ ᠠᠵᠢᠯ᠎ᠤᠨ 7 ᠭᠠᠵᠠᠷ ᠲᠠᠰᠤᠭ᠎ᠤᠨ 14 ᠬᠥᠮᠥᠨ ᠤᠳᠠᠭ᠎ᠠ᠎ᠶ᠋ᠢ ᠵᠣᠬᠢᠶᠠᠨ ᠪᠠᠢᠭᠤᠯᠵᠤ ᠪᠠᠢᠭᠠᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ ᠲᠤᠬᠠᠢ᠎ᠶᠢᠨ ᠲᠠᠯᠠᠪᠤᠷ᠎ᠲᠤ ᠨᠢ ᠠᠵᠢᠯᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠯᠤᠭ᠎ᠠ ᠬᠠᠮᠵᠢᠯᠴᠠᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠲᠢᠭ᠌ᠯᠡᠬᠦ᠌᠂ ᠴᠤᠪᠤᠷᠠᠯ᠎ᠢ ᠳᠠᠬᠢᠨ ᠪᠠᠢᠭᠤᠯᠬᠤ ᠠᠵᠢᠯ᠎ᠢ ᠠᠬᠢᠭᠤᠯᠪᠠ᠃ ᠭᠤᠷᠪᠠ᠎ᠳᠤ᠂ ᠠᠩᠬᠠᠨ᠎ᠤ ᠪᠦᠯᠦᠭ᠎ᠦᠨ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠡᠭᠦᠷᠭᠡ᠎ᠶᠢ ᠪᠡᠶᠡᠯᠡᠭᠦᠯᠪᠡ᠃ ᠨᠡᠶ᠋ᠢᠲᠡ 7 ᠪᠢᠴᠢᠭ ᠮᠠᠲᠧᠷᠢᠶᠠᠯ᠂ 47 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠳᠢᠭᠯᠡᠵᠦ᠂ ᠲᠡᠷᠡ ᠳᠠᠷᠤᠢ᠎ᠳᠦ ᠨᠢ ᠬᠡᠷᠡᠭᠵᠢᠭᠦᠯᠵᠦ ᠪᠣᠯᠬᠤ 《ᠭᠤᠶᠤᠴᠢᠯᠠᠬᠤ ᠦᠭᠡᠢ᠎ᠪᠡᠷ ᠬᠦᠷᠲᠡᠭᠡᠬᠦ》 7 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠭᠠᠷᠭᠠᠵᠤ᠂ ᠲᠥᠷᠥ᠎ᠶᠢᠨ ᠪᠣᠳᠣᠯᠭ᠎ᠠ ᠬᠡᠷᠡᠭ᠌ᠵᠢᠭᠦᠯᠬᠦ᠌ 《ᠡᠴᠦᠰ᠎ᠦᠨ ᠨᠢᠭᠡ ᠺᠢᠯᠣᠮᠧᠲᠷ》᠎ᠢ ᠪᠥᠬᠥ ᠲᠠᠯ᠎ᠠ᠎ᠪᠠᠷ ᠨᠡᠪᠲᠡᠷᠡᠭᠦᠯᠦᠨ᠂ ᠢᠲᠡᠭᠡᠮᠵᠢ ᠰᠠᠢᠲᠠᠢ ᠪᠤᠶᠤ ᠨᠥᠬᠥᠴᠡᠯ᠎ᠳᠦ ᠨᠡᠢᠴᠡᠬᠦ ᠠᠵᠤ ᠠᠬᠤᠢᠯᠠᠯ ᠪᠠ ᠬᠤᠪᠢ ᠬᠥᠮᠥᠨ᠎ᠳᠦ ᠭᠤᠶᠤᠴᠢᠯᠠᠨ ᠮᠡᠳᠡᠭᠦᠯᠬᠦ ᠦᠭᠡᠢ᠎ᠪᠡᠷ ᠲᠥᠷᠥ᠎ᠶᠢᠨ ᠪᠣᠳᠣᠯᠭ᠎ᠠ᠎ᠶᠢ ᠱᠢᠭᠤᠳ ᠬᠦᠷᠲᠡᠭᠡᠬᠦ᠎ᠶ᠋ᠢ ᠪᠡᠶᠡᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠯᠦ᠍ᠭᠡ ᠬᠠᠮᠲᠤᠷᠠᠨ 《ᠺᠣᠳ᠋ ᠰᠢᠷᠪᠢᠵᠦ ᠠᠵᠤ ᠠᠬᠤᠢᠯᠠᠯ᠎ᠳᠤ ᠭᠦᠨᠵᠡᠭᠡᠢᠷᠡᠬᠦ᠌》 ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢᠨ ᠬᠡᠷᠡᠭᠯᠡᠯᠲᠡ᠎ᠶᠢ ᠠᠬᠢᠭᠤᠯᠵᠤ᠂ ᠳ᠋ᠢᠭᠢᠲᠴᠢᠯᠡᠭ᠌ᠰᠡᠨ ᠠᠷᠭ᠎ᠠ ᠪᠠᠷᠢᠯ᠎ᠢᠶᠠᠷ ᠳᠠᠮᠵᠢᠭᠤᠯᠤᠨ ᠠᠵᠤ ᠠᠬᠤᠢᠯᠠᠯ᠎ᠳᠤ ᠬᠣᠯᠪᠣᠭᠳᠠᠬᠤ ᠪᠠᠢᠴᠠᠭᠠᠯᠲᠠ᠎ᠶᠢᠨ ᠦᠶ᠋ᠯᠡ ᠠᠵᠢᠯᠯᠠᠭ᠎ᠠ᠎ᠶᠢ ᠵᠢᠷᠤᠮᠵᠢᠭᠤᠯᠤᠨ᠂ ᠠᠵᠤ ᠠᠬᠤᠢᠯᠠᠯ᠎ᠤᠨ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠵᠦ᠂ ᠬᠠᠤᠯᠢᠵᠢᠭ᠍ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ᠎ᠢ ᠪᠣᠶ ᠪᠣᠯᠭᠠᠬᠤ᠎ᠳᠤ ᠬᠦᠴᠦᠨ ᠨᠡᠮᠡᠷᠢᠯᠡᠵᠦ᠂ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠨᠢᠭᠡ᠎ᠳᠦ᠂ ᠳ᠋ᠠᠢᠲ᠋ᠠ᠎ᠶ᠋ᠢ ᠨᠡᠢᠳᠬᠡᠵᠦ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠪᠠ᠃ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠳᠠᠷ ᠰᠦᠯᠵᠢᠶᠡᠨ᠎ᠦ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ᠎ᠳᠤ ᠲᠦᠰᠢᠭᠯᠡᠨ᠂ ᠣᠲᠣ᠌᠎ᠶᠢᠨ ᠪᠠᠢᠭ᠎ᠠ ᠮᠡᠳᠡᠭᠡ ᠵᠠᠩᠭᠢᠴᠢᠯᠠᠭ᠍ᠰᠠᠨ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ 《ᠺᠣᠳ᠋ ᠰᠢᠷᠪᠢᠵᠦ ᠠᠵᠤ ᠠᠬᠤᠢᠯᠠᠯ᠎ᠳᠤ ᠭᠦᠨᠵᠡᠭᠡᠢᠷᠡᠬᠦ᠌》 ᠪᠠ 《ᠨᠢᠭᠡ ᠤᠳᠠᠭ᠎ᠠ᠎ᠳᠦ ᠶᠡᠷᠦᠩᠬᠡᠢᠯᠡᠨ ᠪᠠᠢᠴᠠᠭᠠᠬᠤ》 ᠭᠣᠣᠯᠯᠠᠬᠤ ᠴᠢᠳᠠᠮᠵᠢ᠎ᠶᠢᠨ ᠮᠣᠳᠧᠯ᠎ᠢ ᠨᠡᠭᠡᠭᠡᠵᠦ᠍᠂ ᠵᠠᠰᠠᠭ᠎ᠤᠨ ᠶᠠᠪᠤᠳᠠᠯ᠎ᠤᠨ ᠰᠢᠰᠲᠧᠮ᠎ᠦᠨ ᠲᠠᠪᠴᠠᠩ ᠯᠤᠭ᠎ᠠ ᠵᠣᠯᠭᠠᠭᠤᠯᠬᠤ᠎ᠶᠢ ᠪᠡᠶᠡᠯᠡᠭᠦᠯᠦᠨ᠂ ᠬᠠᠤᠯᠢ ᠬᠡᠷᠡᠭ᠌ᠵᠢᠭᠦᠯᠦᠯᠲᠡ᠎ᠶ᠋ᠢᠨ ᠳ᠋ᠠᠢᠲ᠋ᠠ᠎ᠶ᠋ᠢ ᠠᠦ᠋ᠲ᠋ᠣ᠋ ᠲᠠᠭᠯᠠᠬᠤ᠂ ᠪᠠᠢᠴᠠᠭᠠᠭᠰᠠᠨ ᠦᠷ᠎ᠡ ᠳ᠋ᠦᠩ᠎ᠢ ᠣᠬᠣᠷ ᠮᠡᠳᠡᠭᠡ᠎ᠪᠡᠷ ᠮᠡᠳᠡᠭᠳᠡᠬᠦ ᠵᠡᠷᠭᠡ ᠴᠢᠳᠠᠮᠵᠢ᠎ᠶᠢ ᠪᠡᠶᠡᠯᠡᠭᠦᠯᠵᠦ᠂ ᠬᠥᠮᠥᠨ᠎ᠦ ᠬᠦᠴᠦ᠎ᠪᠡᠷ ᠪᠢᠴᠢᠨ ᠣᠷᠣᠭᠤᠯᠬᠤ ᠠᠵᠢᠯ᠎ᠤᠨ ᠬᠡᠮᠵᠢᠶ᠎ᠡ᠎ᠶᠢ ᠶᠡᠬᠡ᠎ᠪᠡᠷ ᠪᠠᠭᠠᠰᠭᠠᠪᠠ᠃ ᠬᠣᠶᠠᠷ᠎ᠲᠤ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠦᠬᠦ ᠶᠠᠪᠤᠴᠠ᠎ᠶᠢ ᠮᠦᠷᠳᠡᠨ ᠨᠡᠬᠡᠮᠵᠢᠯᠡᠵᠦ ᠪᠣᠯᠬᠤ᠎ᠶᠢ ᠪᠡᠶᠡᠯᠡᠭᠦᠯᠪᠡ᠃ ᠤᠶᠤᠨᠯᠢᠭ᠎ᠢᠶᠠᠷ ᠬᠠᠷᠢᠴᠠᠭᠤᠯᠬᠤ ᠪᠠ ᠬᠣᠯᠪᠣᠭᠠᠯᠠᠨ ᠪᠠᠢᠴᠠᠭᠠᠬᠤ᠎ᠶ᠋ᠢ ᠰᠠᠨᠠᠭᠤᠯᠬᠤ ᠴᠢᠳᠠᠮᠵᠢ᠎ᠪᠠᠷ ᠳᠠᠮᠵᠢᠭᠤᠯᠤᠨ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ ᠦᠵᠡᠭᠳᠡᠯ᠎ᠢ ᠪᠦᠲᠦᠮᠵᠢᠲᠡᠶ ᠪᠠᠭᠠᠰᠭᠠᠪᠠ᠃ ᠬᠠᠤᠯᠢ ᠬᠡᠷᠡᠭ᠌ᠵᠢᠭᠦᠯᠦᠯᠲᠡ᠎ᠶ᠋ᠢᠨ ᠠᠵᠢᠯᠲᠠᠨ 《ᠺᠣᠳ᠋᠎ᠢᠶᠠᠨ ᠦᠵᠡᠭᠦᠯᠦᠨ ᠠᠵᠤ ᠠᠬᠤᠢᠯᠠᠯ᠎ᠳᠤ ᠭᠦᠨᠵᠡᠭᠡᠢᠷᠡᠵᠦ᠍》᠂ ᠬᠠᠤᠯᠢ ᠬᠡᠷᠡᠭᠵᠢᠭᠦᠯᠬᠦ ᠪᠥᠬᠥ ᠶᠠᠪᠤᠴᠠ᠎ᠳᠤ ᠣᠷᠣ᠌ ᠮᠥᠷ ᠦᠯᠡᠳᠡᠭᠡᠬᠦ᠎ᠶᠢ ᠪᠡᠶᠡᠯᠡᠭᠦᠯᠦᠨ᠂ ᠠᠵᠤ ᠠᠬᠤᠢᠯᠠᠯ ᠨᠢ ᠪᠠᠢᠴᠠᠭᠠᠯᠲᠠ᠎ᠶ᠋ᠢᠨ ᠲᠥᠯᠥᠪᠯᠡᠭᠡ᠎ᠶᠢ ᠪᠠᠢᠴᠠᠭᠠᠨ ᠯᠠᠪᠯᠠᠵᠤ ᠪᠣᠯᠬᠤ᠎ᠶ᠋ᠢᠨ ᠬᠠᠮᠲᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠎ᠳᠤ ᠦᠨᠡᠯᠡᠯᠲᠡ ᠥᠭ᠌ᠴᠦ ᠪᠣᠯᠣᠨ᠎ᠠ᠂ 《ᠨᠢᠭᠡ ᠯᠡ ᠤᠳᠠᠭ᠎ᠠ ᠭᠦᠨᠵᠡᠭᠡᠢᠷᠡᠵᠦ᠍᠂ ᠣᠯᠠᠨ ᠵᠦᠢᠯᠡᠰ᠎ᠢ ᠪᠠᠢᠴᠠᠭᠠᠨ᠂ ᠨᠢᠭᠡ ᠯᠡ ᠤᠳᠠᠭ᠎ᠠ᠎ᠳᠤ ᠪᠤᠲᠠᠲᠠᠢᠵᠢᠭᠤᠯᠬᠤ》᠎ᠶᠢ ᠪᠡᠶᠡᠯᠡᠭᠦᠯᠪᠡ᠃ ᠭᠤᠷᠪᠠ᠎ᠳᠤ᠂ ᠲᠤᠷᠰᠢᠯᠲᠠ᠎ᠶᠢᠨ ᠴᠡᠭ᠎ᠦᠨ ᠬᠡᠷᠡᠭᠯᠡᠯᠲᠡ᠎ᠶᠢ ᠦᠷᠨᠢᠭᠦᠯᠪᠡ᠃ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠢ ᠥᠪᠡᠷᠲᠡᠭᠡᠨ ᠵᠠᠰᠠᠬᠤ ᠣᠷᠣᠨ᠎ᠤ 《ᠺᠣᠳ᠋ ᠰᠢᠷᠪᠢᠵᠦ ᠠᠵᠤ ᠠᠬᠤᠢᠯᠠᠯ᠎ᠳᠤ ᠭᠦᠨᠵᠡᠭᠡᠢᠷᠡᠬᠦ᠌》 ᠲᠤᠷᠰᠢᠯᠲᠠ᠎ᠶᠢᠨ ᠴᠡᠭ᠎ᠦᠨ ᠭᠠᠵᠠᠷ ᠣᠷᠣᠨ᠎ᠢᠶᠠᠷ ᠲᠣᠭᠲᠠᠭᠠᠵᠤ᠂ ᠣᠢᠷ᠎ᠠ᠎ᠶᠢᠨ ᠬᠤᠭᠤᠴᠠᠭᠠᠨ᠎ᠳᠤ ᠨᠢᠭᠡᠨᠲᠡ 100 ᠭᠠᠷᠤᠢ ᠬᠠᠤᠯᠢ ᠬᠡᠷᠡᠭ᠌ᠵᠢᠭᠦᠯᠦᠯᠲᠡ᠎ᠶ᠋ᠢᠨ ᠠᠵᠢᠯᠲᠠᠨ᠎ᠢ ᠵᠣᠬᠢᠶᠠᠨ ᠪᠠᠢᠭᠤᠯᠵᠤ ᠪᠠᠢᠭᠠᠳ ᠰᠢᠰᠲᠧᠮ᠎ᠢᠶᠡᠷ ᠠᠵᠢᠯᠯᠠᠭᠤᠯᠬᠤ ᠪᠣᠯᠪᠠᠰᠤᠷᠠᠯ ᠦᠷᠨᠢᠭᠦᠯᠵᠦ᠍᠂ ᠭᠠᠭᠴᠠ ᠰᠠᠯᠠᠭ᠎ᠠ ᠮᠥᠴᠢᠷ ᠵᠢᠴᠢ ᠰᠠᠯᠠᠭ᠎ᠠ ᠮᠥᠴᠢᠷ ᠠᠯᠤᠰᠯᠠᠭᠰᠠᠨ ᠬᠣᠯᠪᠣᠭᠠᠯᠠᠨ ᠪᠠᠢᠴᠠᠭᠠᠬᠤ ᠠᠵᠢᠯᠯᠠᠭᠠᠨ᠎ᠤ ᠴᠤᠪᠤᠷᠠᠯ᠎ᠢ ᠭᠣᠣᠯᠳᠠᠯᠭ᠎ᠠ᠎ᠲᠠᠢ ᠵᠢᠷᠤᠮᠵᠢᠭᠤᠯᠤᠨ᠂ ᠪᠥᠬᠥ ᠣᠷᠣᠨ ᠲᠡᠢᠰᠢ ᠳᠡᠯᠭᠡᠷᠡᠭᠦᠯᠬᠦ᠌᠎ᠳᠦ ᠲᠤᠷᠰᠢᠯᠭ᠎ᠠ ᠬᠤᠷᠠᠮᠳᠤᠭᠤᠯᠪᠠ᠃